ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠬᠡᠷᠡᠭᠵᠢᠭᠦᠯᠦᠯᠲᠡ ᠶᠢᠨ ᠪᠠᠶᠢᠳᠠᠯ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/18
    8 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠬᠡᠷ ᠲᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠴᠢ ᠳ᠋ᠠᠰᠢᠵᠠᠮᠰᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠲᠠ ᠶᠢᠨ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠬᠡᠷᠡᠭᠵᠢᠭᠦᠯᠦᠯᠲᠡ ᠶᠢᠨ ᠪᠠᠶᠢᠳᠠᠯ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠬᠦ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠱᠸᠤ ᡁᠢ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠷᠠᠯ ᠳᠤ ᠣᠷᠣᠯᠴᠠᠵᠠᠶ᠃     ᠬᠤᠷᠠᠯ ᠠᠴᠠ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠴᠢᠬᠤᠯᠠᠴᠢᠯᠠᠭᠰᠠᠨ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ ᠡᠬᠡ ᠤᠯᠤᠰ ᠤᠨ ᠤᠮᠠᠷᠠᠲᠤ ᠶᠢᠨ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠳᠦᠷ ᠰᠠᠬᠢᠨ ᠬᠠᠮᠠᠭᠠᠯᠠᠶ᠎ᠠ︾ ᠭᠡᠬᠦ ᠶᠠᠷᠢᠶᠠᠨ ᠤ ᠠᠭᠤᠯᠭ᠎ᠠ ᠪᠤᠯᠤᠨ ︽ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠢ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠬᠦ ᠠᠵᠢᠯ ᠢ ᠥᠷᠨᠢᠭᠦᠯᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠳᠠ ᠶᠢᠨ ᠲᠥᠰᠦᠯ︾ ᠢ ᠤᠯᠠᠮᠵᠢᠯᠠᠪᠠ᠃
        ᠬᠤᠷᠠᠯ ᠳᠤ᠂ ᠳᠠᠯᠠᠶᠢᠪᠠᠳᠦ ᠪᠤᠯᠤᠨ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠲᠤᠰ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠳᠠ ᠶᠢᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠮᠠᠨ ᠤ ᠬᠤᠰᠢᠭᠤᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠣᠯᠤᠭᠰᠠᠨ ᠦᠷ᠎ᠡ ᠪᠦᠲᠦᠮᠵᠢ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠵᠦ ᠪᠤᠶᠢᠵᠢᠭᠤᠯᠤᠭᠰᠠᠨ ᠪᠠᠶᠢᠳᠠᠯ ᠢ ᠨᠤᠲᠠᠯᠠᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃     ᠳ᠋ᠠᠰᠢᠵᠠᠮᠰᠦ ᠴᠢᠬᠤᠯᠠᠴᠢᠯᠠᠬᠤ ᠳᠠᠭᠠᠨ᠂ ᠡᠨᠡ ᠵᠢᠯ ᠳᠤ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠢ ᠵᠣᠬᠢᠶᠠᠨ ᠪᠠᠶᠢᠭᠤᠯᠵᠤ᠂ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ︾ ᠤᠨ ᠲᠣᠭᠤᠷᠢᠨ ᠳᠤ ᠲᠤᠰᠬᠠᠶ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠯᠭᠡ ᠶᠢ ᠬᠠᠮᠲᠤᠷᠠᠨ ᠥᠷᠨᠢᠭᠦᠯᠵᠦ᠂ ᠡᠨᠡ ᠨᠢ ᠤᠯᠤᠰ ᠲᠥᠷᠥ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠭᠤᠣᠯ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠨᠢᠭᠡᠨ ᠠᠷᠭ᠎ᠠ ᠬᠡᠮᠵᠢᠶ᠎ᠡ᠂ ᠮᠠᠨ ᠤ ᠬᠤᠰᠢᠭᠤᠨ ᠤ ︽ᠬᠤᠶᠠᠷ ᠣᠷᠣᠨ᠂ ᠨᠢᠭᠡ ᠴᠤᠩᠬᠤᠪᠴᠢ᠂ ᠭᠤᠷᠪᠠᠨ ᠰᠠᠭᠤᠷᠢᠨ ᠭᠠᠵᠠᠷ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠭᠦᠨᠵᠡᠭᠡᠶ ᠦᠢᠯᠡᠳᠦᠯᠭᠡ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠬᠤ ᠬᠦᠴᠦᠲᠡᠢ ᠠᠷᠭ᠎ᠠ ᠬᠡᠮᠵᠢᠶ᠎ᠡ ᠪᠤᠯᠬᠤ ᠪᠦᠭᠡᠳ ᠮᠦᠨ ᠴᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠨᠡᠩ ᠴᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠮᠥᠨ ᠭᠡᠵᠡᠢ᠃ ᠡᠭᠦᠨ ᠤ ᠵᠡᠷᠭᠡ ᠳᠤ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠠᠴᠠ ᠲᠣᠰ ᠤᠳᠠᠭᠠᠨ ᠤ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠯᠭᠡᠨ ᠤ ᠵᠣᠷᠢᠯᠭ᠎ᠠ ᠪᠠ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠯᠲᠠ ᠲᠠᠯᠪᠢᠬᠤ ᠬᠡᠯᠪᠡᠷᠢ ᠶᠢᠨ ᠵᠥᠪᠯᠡᠯᠭᠡᠨ ᠢ ᠴᠢᠨᠠᠷ ᠰᠠᠶᠢᠲᠠᠶ ᠠᠬᠢᠭᠤᠯᠵᠤ᠂ ᠮᠠᠨ ᠤ ᠬᠤᠰᠢᠭᠤᠨ ᠤ ᠴᠢᠬᠤᠯᠠ ᠶᠡᠭᠡ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃                               ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号