ᠳᠠᠯᠠᠢ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/8/19
    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠨᠡᠶᠢᠭᠡᠮ ᠤᠨ ᠡᠮᠬᠢ ᠳᠢᠭᠯᠢᠮ ᠲᠣᠭᠲᠠᠭᠤᠨ ᠢ ᠬᠠᠮᠠᠭᠠᠯᠠᠵᠤ᠂ ᠡᠷᠦᠬᠡ ᠶᠢᠨ ᠴᠡᠷᠢᠭ ᠤᠨ ᠪᠠᠶᠢᠭᠤᠯᠤᠯᠲᠠ ᠳᠤ ᠣᠷᠣᠯᠴᠠᠬᠤ ᠪᠠ ᠵᠠᠰᠠᠬᠤ ᠳᠤ ᠣᠷᠣᠯᠴᠠᠬᠤ ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠥᠯᠥᠭᠡ᠂ 8 ᠰᠠᠷ᠎ᠠ ᠶᠢᠨ 18 ᠤ ᠡᠳᠦᠷ᠂ ᠲᠡᠯᠡᠶ ᠰᠤᠮᠤ ᠶᠢᠨ ᠵᠡᠪᠰᠡᠭᠲᠦ ᠬᠦᠴᠦᠨ ᠤ ᠬᠡᠯᠲᠡᠰ ᠬᠤᠷᠴᠠ ᠴᠢᠳᠠᠮᠠᠭᠠᠶ ᠡᠷᠦᠬᠡ ᠶᠢᠨ ᠴᠡᠷᠢᠭ ᠢ ᠰᠣᠩᠭᠤᠵᠤ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠣᠭᠲᠠᠭᠤᠨ ᠢ ᠬᠠᠮᠠᠭᠠᠯᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠰᠤᠷᠢᠯᠳᠠ ᠬᠢᠭᠰᠡᠨ ᠪᠠᠶᠢᠨ᠎ᠠ᠃
        ᠰᠤᠮᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠤᠷᠢᠯᠳᠠ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠥᠭᠡᠳ ᠡᠭᠦᠷᠭᠡ ᠭᠦᠢᠴᠡᠳᠬᠡᠵᠦ ᠪᠠᠶᠢᠭ᠎ᠠ ᠡᠷᠦᠬᠡ ᠶᠢᠨ ᠴᠡᠷᠢᠭ ᠢ ᠳᠠᠭᠠᠭᠤᠯᠤᠨ ᠰᠡᠷᠭᠡᠶᠢᠯᠡᠨ ᠡᠵᠡᠮᠳᠡᠬᠦ ᠬᠤᠷᠢᠭ᠎ᠠ ᠴᠡᠭ ᠲᠤ ᠬᠦᠷᠴᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠮᠵᠢᠨ ᠭᠠᠳᠠᠨ᠎ᠠ ᠠᠴᠠ ᠢᠷᠡᠭᠰᠡᠨ ᠬᠥᠮᠦᠰ ᠲᠡᠷᠭᠡ ᠶᠢ ᠪᠠᠶᠢᠴᠠᠭᠠᠨ᠂ ᠨᠠᠷᠢᠯᠢᠭ ᠪᠦᠷᠢᠳᠭᠡᠯ ᠬᠢᠵᠦ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠬᠤᠯᠠᠴᠢᠯᠠᠨ ᠦᠵᠡᠵᠦ᠂ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠲᠠᠢ ᠬᠠᠮᠲᠤ ᠪᠠᠷ ᠳᠡᠮᠡᠴᠡᠬᠦ ᠬᠡᠷᠡᠭᠲᠡᠶ ᠭᠡᠵᠦ ᠣᠯᠠᠨ ᠳᠤ ᠰᠠᠨᠠᠭᠤᠯᠵᠠᠶ᠃
        ᠪᠠᠰᠠ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠬᠤᠯᠠᠭᠠᠢ ᠪᠠᠷ ᠬᠢᠯᠢ ᠳᠠᠪᠠᠭ᠋ᠤ ᠶᠢ ᠡᠰᠡᠷᠭᠦᠴᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠡᠶ᠃ ᠬᠤᠯᠠᠭᠠᠢ ᠪᠠᠷ ᠬᠢᠯᠢ ᠳᠠᠪᠠᠭᠰᠠᠳ ᠤᠨ ᠵᠠᠪᠰᠢᠶᠠᠨ ᠢ ᠳᠠᠯᠢᠮᠳᠠᠭᠤᠯᠤᠨ ᠬᠠᠤᠯᠢ ᠪᠤᠰᠤ ᠪᠠᠷ ᠬᠢᠯᠢ ᠳᠠᠪᠠᠭ᠋ᠤ ᠶᠢ ᠰᠢᠢᠳᠪᠦᠷᠢᠯᠡᠬᠦ ᠪᠠᠷ ᠳᠠᠭᠤᠷᠢᠶᠠᠮᠠᠯ ᠠᠷᠤ ᠦᠵᠡᠭᠳᠡᠯ ᠪᠤᠯᠭᠠᠨ᠂ ᠡᠷᠦᠭᠡ ᠶᠢᠨ ᠴᠡᠷᠢᠭ ᠤᠳ ᠪᠠᠶᠢᠯᠳᠤᠬᠤ ᠠᠷᠭ᠎ᠠ ᠶᠢᠨ ᠡᠩᠨᠡᠭᠡ ᠪᠠᠷ ︽ᠬᠤᠯᠠᠭᠠᠢ ᠪᠠᠷ ᠬᠢᠯᠢ ᠳᠠᠪᠠᠭᠰᠠᠳ︾ ᠤᠨ ᠵᠦᠭ ᠣᠶᠢᠷᠠᠳᠴᠤ᠂ ᠦᠳᠲᠡᠷ ᠲᠦᠷᠭᠡᠨ ᠢᠶᠠᠷ ᠰᠡᠷᠭᠡᠶᠢᠯᠡᠯᠲᠡ ᠶᠢᠨ ᠪᠠᠶᠢᠳᠠᠯ ᠳᠤ ᠣᠷᠣᠪᠠ᠃ ᠰᠣᠷᠢᠯᠲᠠ ᠪᠠᠷ ᠳᠡᠮᠵᠢᠨ᠂ ᠡᠷᠦᠬᠡ ᠶᠢᠨ ᠴᠡᠷᠢᠭ ᠤᠨ ᠬᠤᠪᠢᠶᠠᠷᠢ ᠠᠩᠭᠢ ᠶᠢᠨ ᠪᠠᠴᠢᠮ ᠪᠠᠶᠢᠳᠠᠯ ᠢ ᠠᠷᠭᠠᠴᠠᠨ ᠵᠢᠯᠣᠭᠤᠳᠬᠤ ᠪᠠ ᠲᠦᠷᠭᠡᠨ ᠬᠦᠳᠡᠯᠦᠯᠴᠡᠬᠦ ᠴᠢᠳᠠᠪᠤᠷᠢ ᠶᠢ ᠭᠤᠤᠯᠳᠠᠯᠭ᠎ᠠ ᠲᠠᠢ ᠰᠢᠯᠭᠠᠵᠠᠶ᠃
        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ  ᠳᠤ ᠬᠡᠷᠡᠭᠴᠡᠭᠡ ᠱᠠᠭᠠᠷᠳᠠᠯᠭ᠎ᠠ ᠲᠠᠢ ᠪᠠᠶᠢᠬᠤ ᠳᠤ ᠯᠠ ᠬᠦᠷᠪᠡᠯ᠂ ᠲᠡᠯᠡᠶ ᠰᠤᠮᠤ ᠶᠢᠨ ᠡᠷᠦᠬᠡ ᠶᠢᠨ ᠴᠡᠷᠢᠭ ᠳᠠᠯᠠᠯᠪᠠᠰᠦ ᠢᠷᠡᠵᠦ᠂ ᠢᠷᠡᠪᠡᠰᠦ ᠯᠠᠪᠳᠠᠢ  ᠢᠯᠠᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠨᠢᠬᠦᠯᠦᠨ᠂ ᠡᠷᠡᠰ ᠰᠢᠭᠤᠷᠬᠠᠢ ᠣᠪᠣᠷ ᠢᠶᠠᠷ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠳᠤ ᠣᠷᠣᠯᠴᠠᠵᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠳᠠᠯ ᠢ ᠪᠠᠲᠤᠯᠠᠬᠤ ᠳᠤ ᠴᠠᠭ ᠢᠮᠠᠭᠲᠠ ᠪᠡᠯᠡᠬᠡᠨ ᠪᠠᠶᠢᠨ᠎ᠠ᠃
               ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号