ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷᠯᠠᠯ ﹇2021﹈ 12 ᠳ᠋ᠤᠭᠠᠷ ᠳᠤᠭᠠᠳᠦ
ᠨᠡᠶᠢᠲᠡᠯᠡᠭᠰᠡᠨ ᠴᠠᠭ᠄
2021/8/19
      ᠣᠳᠣᠬᠠᠨ ᠤ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠨᠠᠶᠢᠳᠠᠪᠦᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠦᠯᠦᠭᠡ᠂ ᠬᠥᠯᠥᠨ ᠪᠤᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 25 ᠳ᠋ᠤᠭᠠᠷ ᠲᠣᠭᠠᠲᠤ ᠠᠯᠪᠠᠨ ᠵᠠᠷᠯᠠᠯ ᠲᠠᠢ ᠤᠶᠠᠯᠳᠤᠭᠤᠯᠤᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠤ ᠬᠤᠯᠪᠣᠭᠳᠠᠯ ᠪᠥᠬᠦᠶ ᠵᠦᠢᠯᠡᠰ ᠢ ᠳᠣᠣᠷ᠎ᠠ ᠵᠠᠷᠯᠠᠶ᠎ᠠ᠄       ᠨᠢᠭᠡ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ ᠤ ᠳᠡᠪᠰᠢᠬᠦᠯᠦᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠣᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ 7 ᠡᠳᠦᠷ ᠬᠡᠷ ᠲᠤ ᠪᠠᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠢ︔ ᠨᠢᠭᠲᠠ ᠣᠶᠢᠷᠠᠲᠤᠭᠰᠠᠳ ᠲᠠᠢ ᠨᠢᠠᠠᠳᠠ ᠣᠶᠢᠷᠠᠳᠤᠭᠰᠠᠨ ᠬᠦᠮᠦᠰ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠬᠤᠭᠤᠴᠠᠭ᠎ᠠ ᠶᠢ ᠨᠢᠭᠲᠠ ᠣᠶᠢᠷᠠᠲᠤᠭᠰᠠᠳ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠵᠢᠴᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠣᠭᠲᠠᠭᠠᠨ᠎ᠠ᠃ ᠤᠯᠤᠰ ᠤᠨ ᠳᠣᠲᠣᠭᠠᠳᠤ ᠶᠢᠨ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠲᠤ 14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠪᠦᠬᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠬᠦᠷᠢᠳᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠲᠤ 14 ᠡᠳᠦᠷ ᠬᠡᠷ ᠲᠡᠭᠡᠨ ᠲᠤᠰᠠᠭᠠᠷᠯᠠᠬᠤ + 5 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠳᠡᠭᠡᠷᠡᠬᠢ ᠪᠤᠯ ᠴᠦᠮ 14 ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠬᠥᠮᠦᠰ ᠪᠣᠯᠤᠨ᠎ᠠ᠃ ᠳᠤᠮᠳᠠ ᠦᠨᠳᠦᠷ ᠵᠡᠷᠭᠡ ᠶᠢᠨ ᠲᠦᠭᠰᠢᠬᠦᠷᠢᠳᠡᠢ ᠭᠠᠵᠠᠷ ᠣᠷᠣᠨ ᠤ ᠪᠠᠶᠢᠭ᠎ᠠ ᠬᠤᠲᠠ ︵ᠭᠠᠵᠠᠷ ᠤᠨ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ᠂ ᠳᠣᠷᠣᠭᠰᠢ ᠪᠠᠨ ᠠᠳᠠᠯᠢ︶ ᠵᠢᠴᠢ ᠡᠭᠦᠨ ᠢᠶᠠᠷ ᠳᠠᠭᠠᠷᠢᠵᠦ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠨ᠎ᠠ᠂ ᠬᠡᠷᠪᠡ ᠬᠠᠩᠭᠠᠵᠤ ᠳᠡᠶᠢᠯᠬᠦ ᠥᠬᠡᠶ ᠪᠣᠯ᠂ ᠮᠠᠨ ᠤ ᠬᠤᠰᠢᠭᠤᠨ ᠳᠤ ᠭᠦᠷᠦᠭᠰᠡᠨ ᠤ ᠳᠠᠷᠠᠭ᠎ᠠ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠦᠷ᠎ᠡ ᠳ᠋ᠦᠩ ᠢ ᠭᠠᠷᠭᠠᠵᠤ ᠥᠭᠭᠦᠨ᠎ᠡ᠂ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ᠂ ᠬᠤᠪᠢ ᠬᠥᠮᠦᠨ ᠤ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠨᠠᠰᠢ ᠴᠠᠰᠢ ᠶᠠᠪᠤᠵᠦ ᠪᠤᠯᠤᠨ᠎ᠠ᠃       ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠶ᠃ ᠪᠥᠬᠦ ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠠ ᠪᠠᠯᠭᠠᠰᠦᠨ ᠤ ᠲᠣᠭᠤᠷᠢᠭ ᠤᠨ ᠣᠷᠣᠵᠤ ᠭᠠᠷᠬᠤ ᠭᠠᠵᠠᠷ ᠤᠨ ᠪᠠᠶᠢᠴᠠᠭᠠᠬᠤ ᠥᠷᠲᠡᠭᠡ ᠵᠡᠷᠭᠡ ᠭᠤᠤᠯᠳᠠᠯᠭ᠎ᠠ ᠲᠠᠢ ᠭᠤᠭᠴᠤᠭ᠎ᠠ ᠳᠤ ᠳᠤᠮᠳᠠ ᠦᠨᠳᠦᠷ ᠵᠡᠷᠭᠡ  ᠶᠢᠨ ᠲᠦᠭᠰᠢᠬᠦᠷᠢᠳᠡᠢ ᠭᠠᠵᠠᠷ ᠣᠷᠣᠨ ᠵᠢᠴᠢ ᠳᠡᠬᠦᠨ ᠤ ᠪᠠᠶᠢᠭ᠎ᠠ ᠬᠤᠲᠠ ᠪᠤᠯᠤᠨ ᠡᠭᠦᠨ ᠢᠶᠠᠷ ᠳᠠᠭᠠᠷᠢᠵᠦ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢ ᠬᠡᠮᠵᠢᠬᠦ᠂ ᠮᠡᠳᠡᠭᠡ ᠵᠠᠩᠭᠢ ᠶᠢ ᠳᠠᠩᠰᠠᠯᠠᠬᠤ᠂ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠶᠢ ᠮᠡᠳᠡᠭᠦᠯᠬᠦ ᠶᠢ ᠰᠠᠶᠢᠲᠤᠷ ᠬᠢᠵᠦ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠬᠥᠯᠥᠨ ᠪᠤᠶᠢᠷ ᠬᠤᠲᠠ ᠶᠢᠨ ᠬᠡᠪᠴᠢᠶᠡᠨ ᠳᠠᠬᠢ ᠬᠥᠮᠦᠰ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠲᠠᠯᠠᠪᠤᠷ ᠥᠷᠲᠡᠭᠡ ᠪᠠ ᠪᠠᠶᠢᠴᠠᠭᠠᠬᠤ ᠥᠷᠲᠡᠭᠡ ᠪᠠᠷ ᠥᠩᠭᠡᠷᠡᠬᠦ ᠳᠤ ᠪᠦᠬᠡᠮ ᠬᠦᠴᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠳᠠᠭᠢᠵᠤ ᠪᠠᠶᠢᠴᠠᠭᠠᠨ ᠰᠢᠯᠭᠠᠬᠤ ᠥᠬᠡᠶ᠃ ᠨᠡᠶᠢᠭᠡᠮ ᠲᠣᠭᠤᠷᠢᠭ ︵ᠭᠠᠴᠠᠭ᠎ᠠ︶ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠬᠥᠮᠦᠰ ᠵᠢᠵᠢᠭ ᠰᠠᠭᠤᠭᠠᠯᠢ ᠲᠣᠭᠤᠷᠢᠭ ︵ᠭᠠᠴᠠᠭ᠎ᠠ︶ ᠲᠤ ᠣᠷᠣᠬᠤ ᠳᠤ ᠪᠡᠶ᠎ᠡ ᠶᠢᠨ ᠳᠤᠯᠠᠭᠠᠨ ᠢ ᠬᠡᠮᠵᠢᠬᠦ᠂ ᠺᠣᠳ᠋ ᠰᠢᠷᠪᠢᠬᠦ᠂ ᠳᠠᠩᠰᠠᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠶᠢ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠷᠠᠬᠤ ᠡᠭᠦᠳᠡᠨ ᠡᠮᠨᠡᠯᠭᠡ ︵ᠡᠮᠴᠢᠯᠡᠭᠡᠨ ᠤ ᠲᠠᠰᠤᠭ︶ ᠶᠢᠨ ᠡᠪᠡᠳᠴᠢᠲᠡᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠭᠤ ᠲᠤᠰᠬᠠᠬᠤ ᠠᠴᠠ ᠡᠮᠦᠨ᠎ᠡ ᠳᠡᠬᠦᠨ ᠢ ᠡᠷᠬᠡᠪᠰᠢ ᠲᠤᠰᠠᠭᠠᠷᠯᠠᠵᠤ ᠦᠯᠡᠳᠡᠭᠡᠨ ᠠᠵᠢᠭᠯᠠᠬᠤ ᠬᠡᠷᠡᠭᠲᠡᠶ᠃ ᠵᠢᠵᠢᠭᠯᠡᠨ ᠪᠤᠷᠤᠯᠠᠭᠤᠯᠬᠤ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ ᠪᠠ ᠨᠢᠶᠠᠨ ᠳᠠᠷᠤᠭᠴᠢ ᠵᠡᠷᠭᠡ 4 ᠲᠥᠷᠥᠯ ᠤᠨ ᠡᠮ ᠤᠨ ᠵᠦᠢᠯ ᠢ ᠪᠣᠷᠣᠯᠠᠭᠤᠯᠬᠤ ᠳᠠᠭᠠᠨ ᠦᠨᠡᠨ ᠨᠡᠷ᠎ᠡ ᠪᠠᠷ ᠨᠢ ᠳᠠᠩᠰᠠᠯᠠᠭᠤᠯᠬᠤ ᠬᠡᠷᠡᠭᠲᠡᠶ᠃       ᠭᠤᠷᠪᠠ᠂ ᠬᠥᠮᠦᠨ ᠬᠠᠷ᠎ᠠ ᠴᠤᠭᠯᠠᠷᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠪᠥᠬᠦ ᠬᠤᠰᠢᠭᠤᠨ ᠤ ᠦᠵᠡᠮᠵᠢ ᠶᠢᠨ ᠣᠷᠣᠨ ᠦᠵᠡᠮᠵᠢ ᠶᠢᠨ ᠴᠡᠭ ᠪᠠ ᠨᠣᠮ ᠤᠨ ᠰᠠᠩ᠂ ᠺᠢᠨᠣ᠋ ᠶᠢᠨ ᠣᠷᠳᠣᠨ᠂ ᠰᠦᠯᠵᠢᠶᠡᠨ ᠤ ᠪᠠᠭᠠᠷ᠂ ᠪᠡᠶ᠎ᠡ ᠴᠢᠭᠢᠷᠠᠭᠵᠢᠭᠤᠯᠬᠤ ᠬᠡᠷ᠂ ᠰᠢᠲᠠᠷ᠎ᠠ ᠶᠢᠨ ᠬᠡᠷ᠂ ᠨᠡᠶᠢᠲᠡ ᠶᠢᠨ ᠤᠬᠢᠶᠠᠯᠭ᠎ᠠ ᠶᠢᠨ ᠬᠡᠷ ᠵᠡᠷᠭᠡ ᠵᠤᠭ᠎ᠠ ᠴᠡᠩᠭᠡᠯ ᠤᠨ ᠭᠠᠵᠠᠷ᠂ ᠱᠠᠰᠢᠨ ᠰᠤᠷᠲᠠᠬᠤᠨ ᠤ ᠭᠠᠵᠠᠷ᠂ ᠪᠣᠯᠪᠠᠰᠤᠷᠠᠯ ᠤᠨ ᠪᠠᠶᠢᠭᠤᠯᠤᠮᠵᠢ᠂ ᠬᠤᠪᠢ ᠶᠢᠨ ᠡᠮᠴᠢᠯᠡᠭᠡᠨ ᠤ ᠭᠠᠵᠠᠷ ᠵᠡᠷᠭᠡ ᠭᠠᠵᠠᠷ ᠤᠳ ᠤᠷᠢᠳᠴᠢᠯᠠᠨ ᠪᠣᠯᠵᠣᠵᠤ ᠬᠦᠮᠦᠨ ᠤ ᠤᠷᠤᠰᠬᠠᠯ ᠢ ᠬᠢᠵᠠᠭᠠᠷᠯᠠᠬᠤ᠂ ᠠᠷᠢᠭᠤᠳᠬᠠᠨ ᠪᠠᠺᠲ᠋ᠧᠷᠢ ᠤᠰᠠᠳᠬᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠷᠢᠲᠠᠯ ᠳᠣᠤᠷ᠎ᠠ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠬᠠᠶ ᠶᠢᠨ ᠲᠠᠯᠠᠪᠤᠷ ᠲᠤᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠡᠮᠬᠢ ᠵᠢᠷᠤᠮ ᠲᠠᠢ ᠨᠡᠭᠡᠭᠡᠨ᠎ᠡ᠃ ᠵᠣᠴᠢᠳ ᠤᠨ ᠪᠠᠭᠤᠳᠠᠯ᠂ ᠬᠤᠭᠤᠯᠠᠨ ᠭᠡᠷ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠬᠥᠮᠦᠨ ᠬᠠᠷ᠎ᠠ ᠬᠤᠷᠠᠨ ᠴᠤᠭᠯᠠᠷᠠᠬᠤ ᠡᠯ᠎ᠡ ᠲᠥᠷᠥᠯ ᠤᠨ ᠭᠠᠵᠠᠷ ᠲᠠᠯᠠᠪᠤᠷ ᠲᠤ ᠡᠷᠬᠡᠪᠰᠢ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠮᠦᠨ ᠤ ᠤᠷᠤᠰᠬᠠᠯ ᠢ ᠴᠢᠩᠭ᠎ᠠ ᠬᠢᠵᠠᠭᠠᠷᠯᠠᠵᠤ᠂ ᠣᠷᠣᠵᠤ ᠭᠠᠷᠬᠤ ᠵᠠᠮ ᠢ ᠠᠰ ᠲᠤᠨᠢ ᠭᠠᠷᠭᠠᠨ᠎ᠠ᠃ ᠬᠤᠷᠢᠮ ᠪᠡᠯᠪᠡᠰᠦᠷᠡᠯ ᠤᠨ ᠶᠠᠪᠤᠳᠠᠯ ᠢ ᠴᠥᠮ ᠳᠥᠭᠦᠮᠴᠢᠯᠡᠵᠦ᠂ ᠣᠷᠣᠯᠴᠠᠬᠤ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠵᠤ᠂ ᠲᠤᠮᠤ ᠬᠡᠯᠪᠡᠷᠢ ᠶᠢᠨ ᠳᠠᠶᠢᠯᠠᠯᠭ᠎ᠠ ᠶᠢ ᠬᠤᠭᠤᠯᠠᠨ ᠭᠡᠷ ᠤᠨ ᠬᠦᠯᠢᠶᠡᠨ ᠠᠪᠬᠤ ᠴᠢᠳᠠᠪᠤᠷᠢ ᠶᠢᠨ 80% ᠳᠤᠳᠤᠷ᠎ᠠ ᠬᠢᠵᠠᠭᠠᠷᠯᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠭᠢᠨᠳᠠᠨ ᠤ ᠭᠠᠵᠠᠷ᠂ ᠣᠶᠣᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠡᠷᠭᠢᠵᠦ ᠦᠵᠡᠬᠦ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠠᠭᠤᠳᠠᠮ ᠲᠠᠯᠠᠪᠠᠶ ᠶᠢᠨ ᠬᠡᠤᠬᠡᠳ ᠤᠨ ᠵᠤᠭ᠎ᠠ ᠴᠡᠩᠭᠡᠯ ᠤᠨ ᠲᠦᠬᠦᠭᠡᠷᠦᠮᠵᠢ᠂ ᠵᠠᠮ ᠤᠨ ᠬᠠᠵᠠᠭᠤ ᠶᠢᠨ ᠵᠠᠳᠠᠭᠠᠢ ᠵᠠᠬ᠎ᠠ ᠵᠡᠷᠭᠡ ᠡᠵᠡᠩᠨᠡᠯᠲᠡ ᠶᠢᠨ ᠡᠷᠦᠬᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠤᠷ᠎ᠠ ᠡᠮᠬᠢ ᠵᠢᠷᠤᠮ ᠲᠠᠢ ᠪᠠᠷ ᠨᠡᠭᠡᠭᠡᠵᠦ ᠪᠤᠯᠤᠨ᠎ᠠ᠃ 50 ᠬᠦᠮᠦᠨ ᠠᠴᠠ ᠳᠡᠭᠡᠭᠰᠢ ᠤᠷᠤᠯᠴᠠᠬᠤ ᠬᠤᠷᠠᠯ ᠪᠠ ᠠᠵᠢᠯᠯᠠᠭ᠎ᠠ ᠶᠢ ᠡᠷᠬᠢᠯᠡᠬᠦ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠳᠤᠰᠬᠠᠢ ᠲᠣᠭᠲᠠᠭᠠᠬᠤ ᠶᠢᠨ ᠬᠠᠮᠲᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ᠂ ᠵᠦᠪᠰᠢᠶᠡᠷᠡᠯ ᠤᠯᠤᠭᠰᠠᠨ ᠤ ᠲᠠᠷᠠᠭ᠎ᠠ ᠡᠷᠭᠢᠯᠡᠵᠦ ᠪᠣᠯᠤᠨ᠎ᠠ᠃         ᠲᠦᠷᠪᠡ᠂ ᠬᠥᠮᠦᠰ ᠤᠨ ᠴᠢᠬᠤᠯᠠ ᠪᠤᠰᠤ ᠶᠠᠪᠤᠵᠦ ᠰᠢᠯᠵᠢᠬᠦ ᠶᠢ ᠪᠠᠭᠠᠰᠬᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ ᠪᠠᠶᠢᠳᠠᠯ ᠠᠴᠠ ᠪᠤᠯᠵᠦ᠂ ᠥᠷᠭᠡᠨ ᠣᠯᠠᠨ ᠰᠠᠭᠤᠭᠠᠯᠢ ᠠᠷᠠᠳ ᠣᠶᠢᠷ᠎ᠠ ᠶᠢᠨ ᠬᠤᠭᠤᠴᠠᠭᠠᠨ ᠳᠤ ᠵᠠᠪᠠᠯ ᠭᠠᠳᠠᠭᠰᠢ ᠭᠠᠷᠬᠤ ᠴᠢᠬᠤᠯᠠ ᠦᠭᠡᠶ ᠪᠤᠯ ᠭᠠᠳᠠᠭᠰᠢ ᠭᠠᠷᠬᠤ ᠦᠬᠡᠢ ᠪᠠᠶᠢᠵᠦ᠂ ᠳᠤᠬᠠᠢ  ᠶᠢᠨ ᠭᠠᠵᠠᠷ ᠤᠨ ᠬᠢᠵᠢᠭ ᠤᠨ ᠪᠠᠶᠢᠳᠠᠯ ᠭᠠᠷᠤᠭᠰᠠᠨ ᠬᠤᠲᠠ ᠪᠠ ᠭᠠᠵᠠᠷ ᠣᠷᠣᠨ ᠳᠤ ᠠᠯᠪᠠᠨ ᠠᠵᠢᠯ ᠢᠶᠠᠷ ᠤᠴᠢᠬᠤ ᠦᠬᠡᠢ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠨ ᠦᠵᠡᠬᠦ ᠦᠭᠡᠶ ᠪᠠᠶᠢᠵᠦ᠂ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠠᠵᠢᠯᠯᠠᠵᠤ ᠪᠠᠶᠢᠭ᠎ᠠ ᠨᠢᠭᠡᠴᠡ ᠪᠤᠶᠤ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ︶ ᠲᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠳᠠᠨ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠠᠵᠢᠯᠴᠢᠨ ᠲᠦᠷᠦᠭᠦᠯᠡᠨ ᠭᠦᠢᠴᠡᠳᠬᠡᠬᠦ ᠬᠡᠷᠡᠭᠲᠡᠶ᠂ ᠦᠨᠡᠨᠬᠦ ᠣᠴᠢᠬᠤ ᠴᠢᠬᠤᠯᠠ ᠲᠠᠢ ᠪᠣᠯ ᠪᠠᠶᠢᠭ᠎ᠠ ᠨᠢᠭᠡᠴᠡ ᠠᠴᠠ ᠴᠢᠩᠭ᠎ᠠ ᠬᠢᠨᠠᠨ ᠵᠦᠪᠰᠢᠶᠡᠷᠡᠨ ᠬᠠᠮᠢᠶᠠᠷᠴᠤ᠂ ︽ᠬᠡᠨ ᠬᠢᠨᠠᠨ ᠵᠥᠪᠰᠢᠶᠡᠷᠡᠭᠰᠡᠨ ᠪᠣᠯ ᠬᠡᠨ ᠬᠠᠷᠢᠭᠤᠴᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠤᠴᠠᠵᠤ ᠢᠷᠡᠭᠰᠡᠨ ᠤ ᠲᠠᠷᠠᠭ᠎ᠠ ᠱᠠᠭᠠᠷᠳᠠᠯᠭ᠎ᠠ ᠶᠣᠰᠣᠭᠠᠷ ᠲᠤᠰᠠᠭᠠᠷᠯᠠᠨ ᠬᠢᠨᠠᠨ ᠬᠡᠮᠵᠢᠬᠦ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠨᠤᠭᠤᠳ ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠤᠰᠢᠭᠤᠨ ᠠᠴᠠ ᠰᠠᠯᠵᠤ ᠪᠤᠴᠠᠵᠤ ᠢᠷᠡᠭᠰᠡᠨ ᠰᠣᠷᠣᠭᠴᠢ᠂ ᠪᠠᠭᠰᠢ ᠠᠵᠢᠯᠲᠠᠨ ᠤ ᠠᠶᠠᠨ ᠵᠠᠮ ᠪᠠ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠤᠷᠭᠠᠭᠤᠯᠢ ᠳᠠᠭᠠᠨ ᠪᠤᠴᠠᠬᠤ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ᠃       ᠲᠠᠪᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠥᠷᠭᠡᠨ ᠤᠯᠠᠨ ᠰᠠᠭᠤᠭᠠᠯᠢ ᠠᠷᠠᠳ ᠤᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠪᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠦᠬᠦ ᠶᠠᠪᠤᠴᠠ ᠳᠤ ᠲᠦᠷᠢᠮᠵᠢᠯ ᠶᠤᠰᠤᠭᠠᠷ ᠠᠮᠠᠪᠴᠢ ᠵᠡᠬᠦᠵᠦ᠂ ᠤᠯᠠᠨ ᠨᠡᠶᠢᠲᠡ ᠶᠢᠨ ᠬᠡᠷᠡᠭᠰᠡᠯ ᠲᠠᠢ ᠣᠶᠢᠷᠠᠳᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠢᠳᠡᠵᠦ ᠤᠤᠭᠤᠬᠤ ᠤᠳᠠᠭ᠎ᠠ ᠪᠠᠨ ᠪᠠᠭᠠᠰᠬᠠᠬᠤ ᠬᠡᠷᠡᠭᠲᠡᠶ᠃ ᠭᠠᠷ ᠢᠶᠠᠨ ᠦᠷᠭᠦᠯᠵᠢ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ᠂ ᠬᠤᠪᠢᠳᠠᠨ ᠬᠤᠭᠤᠯᠠᠯᠠᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠦᠷᠭᠦᠯᠵᠢ ᠠᠷᠢᠭᠤᠳᠬᠠᠬᠤ ᠵᠡᠷᠭᠡ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠵᠤ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ ᠬᠡᠷᠪᠡ ᠲᠣᠯᠣᠭᠠᠶ ᠡᠪᠡᠳᠴᠦ ᠬᠠᠯᠠᠭᠤᠷᠠᠬᠤ᠂ ᠬᠠᠨᠢᠶᠠᠯᠭᠠᠵᠤ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ ᠪᠠ ᠰᠠᠭᠤᠯᠭᠠᠬᠤ ᠵᠡᠷᠭᠡ ᠬᠡᠪ ᠤᠨ ᠪᠤᠰᠤ ᠢᠯᠡᠷᠡᠯ ᠲᠠᠢ ᠪᠠᠶᠢᠪᠠᠯ᠂ ᠲᠡᠷᠡ ᠳᠠᠷᠤᠶ ᠳᠤᠨᠢ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠬᠦ ᠶᠢᠨ ᠬᠠᠮᠲᠤ ᠬᠠᠯᠠᠭᠤᠷᠠᠬᠤ ᠡᠭᠦᠳᠡᠨ ᠡᠮᠨᠡᠯᠭᠡ ︵ᠡᠮᠴᠢᠯᠡᠬᠡᠨ ᠤ ᠳᠠᠰᠤᠭ︶ ᠳᠤᠬᠢᠷᠠᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠣᠴᠢᠵᠤ ᠡᠮᠨᠡᠭᠦᠯᠦᠨ᠂ ᠵᠠᠮ ᠵᠠᠭᠤᠷ᠎ᠠ ᠪᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃       ᠵᠢᠷᠭᠤᠭ᠎ᠠ᠂ ᠸᠠᠺᠼᠢᠨ ᠤ ᠲᠠᠷᠢᠯᠭ᠎ᠠ ᠶᠢ ᠲᠦᠷᠭᠡᠬᠡᠨ ᠬᠢᠬᠦ ᠬᠡᠷᠡᠭᠲᠡᠶ᠃ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠳᠠᠷᠢᠬᠤ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠴᠢᠬᠤᠯᠠ ᠠᠷᠭ᠎ᠠ ᠬᠡᠮᠵᠢᠶ᠎ᠡ ᠮᠥᠨ᠂ ᠨᠠᠩ ᠴᠤ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ ᠥᠷᠭᠡᠨ ᠤᠯᠠᠨ ᠰᠠᠭᠤᠭᠠᠯᠢ ᠠᠷᠠᠳ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠰᠢᠨ᠎ᠡ ᠸᠠᠺᠼᠢᠨ ᠤ ᠲᠠᠷᠢᠯᠭ᠎ᠠ ᠬᠢᠵᠦ᠂ ᠤᠯᠠᠨ ᠲᠦᠮᠡᠨ ᠤ ᠦᠯᠦ ᠬᠠᠯᠳᠠᠭᠠᠬᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠤᠶ᠎ᠠ᠃     ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠤᠰ ᠠᠯᠪᠠᠨ ᠵᠠᠷ ᠤᠨ ᠱᠠᠭᠠᠷᠳᠠᠯᠭ᠎ᠠ ᠠᠴᠠ ᠵᠥᠷᠢᠴᠡᠨ ᠬᠢᠵᠢᠭ ᠢ ᠬᠠᠯᠳᠠᠪᠦᠷᠢᠯᠠᠨ ᠣᠷᠣᠭᠤᠯᠵᠤ ᠲᠠᠷᠬᠠᠭᠠᠭᠰᠠᠨ ᠪᠠᠶᠢᠪᠠᠯ᠂ ᠬᠤᠯᠪᠣᠭᠳᠠᠯ ᠪᠦᠬᠦᠢ ᠨᠢᠭᠡᠴᠡ ᠪᠠ ᠬᠤᠪᠢ ᠬᠥᠮᠦᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃            ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ               ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号