ᠪᠦᠬᠦ ᠬᠤᠰᠢᠭᠤᠨ ᠤ ᠠᠷᠠᠳ ᠲᠦᠮᠡᠨ ᠳᠤ ᠢᠯᠡᠭᠡᠬᠦ ᠨᠢᠭᠡᠨ ᠬᠤᠪᠢ ᠵᠠᠬᠢᠳᠠᠯ︕
ᠨᠡᠶᠢᠲᠡᠯᠡᠭᠰᠡᠨ ᠴᠠᠭ᠄
2021/8/2
     ᠣᠶᠢᠷ᠎ᠠ ᠳᠤ᠂ ᠪᠥᠬᠦ ᠳᠡᠯᠡᠬᠡᠶ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠯᠡ ᠥᠨᠳᠥᠷ ᠬᠡᠮᠵᠢᠶᠡᠨ ᠳᠤ ᠪᠠᠶᠢᠵᠤ᠂ ᠨᠠᠨᠵᠢᠩ ᠤᠨ ᠯᠦᠺᠸᠤ ᠨᠢᠰᠬᠡᠯ ᠤᠨ ᠪᠠᠭᠤᠳᠠᠯ᠂ ᠬᠤᠨᠠᠨ ᠤ ᠵᠠᠩ ᠵᠢᠶᠠ ᠵᠢᠶᠧ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠬᠡᠯᠬᠢᠶ᠎ᠡ ᠨᠢᠭᠡᠨᠲᠡ ᠣᠯᠠᠨ ᠮᠤᠵᠢ ︵ᠬᠤᠲᠠ︶ ᠶᠢ ᠨᠥᠯᠥᠭᠡᠯᠡᠭᠰᠡᠨ ᠪᠥᠭᠡᠳ ᠣᠯᠠᠨ ᠤᠳᠠᠭᠠᠨ ᠤ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠨ᠎ᠠ᠃ ᠣᠳᠣᠬᠠᠨ ᠳᠤ ᠶᠠᠭ ᠵᠣᠨ ᠤ ᠠᠮᠠᠷᠠᠯᠲᠠ ᠪᠠ ᠵᠢᠭᠤᠯᠴᠢᠯᠠᠯ ᠤᠨ ᠣᠷᠭᠢᠯ ᠤᠨ ᠦᠶ᠎ᠡ ᠪᠠᠶᠢᠵᠤ᠂ ᠬᠥᠮᠦᠰ ᠤᠨ ᠶᠠᠪᠤᠵᠤ ᠰᠠᠭᠤᠬᠤ ᠨᠢ ᠣᠯᠠᠰᠢᠷᠠᠵᠤ ᠪᠣᠢ᠂ ᠡᠭᠦᠨ ᠳᠤ ᠲᠠᠨ ᠤ ᠪᠡᠶ᠎ᠡ ᠶᠢᠨ ᠡᠷᠡᠭᠦᠯ ᠴᠢᠭᠢᠷᠠᠭ ᠢ ᠤᠯᠠᠮ ᠴᠢᠨᠠᠭᠰᠢᠳᠠ ᠪᠠᠲᠤᠯᠠᠵᠤ᠂ ᠬᠢᠵᠢᠭ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠲᠠᠨ ᠳᠤ ᠲᠣᠳᠣᠨᠣᠰᠤᠭ ᠰᠠᠨᠠᠭᠤᠯᠤᠮᠵᠢ ᠳᠤᠷᠠᠳᠤᠶ᠎ᠠ᠄      1. ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠴᠢᠬᠤᠯᠠ ᠦᠭᠡᠢ ᠪᠣᠯ ᠬᠢᠯᠢ ᠠᠴᠠ ᠭᠠᠷᠬᠤ ᠥᠬᠡᠶ᠂ ᠴᠢᠬᠤᠯᠠ ᠦᠭᠡᠢ ᠪᠣᠯ ᠠᠯᠪᠠᠨ ᠠᠵᠢᠯ ᠢᠶᠠᠷ ᠭᠠᠳᠠᠭᠰᠢ ᠭᠠᠷᠬᠤ ᠥᠬᠡᠶ᠂ ᠵᠢᠭᠤᠯᠴᠢᠯᠠᠬᠤ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠶ᠂ ᠣᠨᠴᠠᠭᠠᠶᠢᠯᠠᠨ ᠬᠢᠵᠢᠭ ᠤᠨ ᠪᠠᠶᠢᠳᠠᠯ ᠤᠨ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠠ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠡᠭᠦᠰᠦᠭᠰᠡᠨ ᠬᠤᠲᠠ ᠳᠤ ᠣᠴᠢᠵᠤ ᠪᠣᠯᠬᠤ ᠥᠬᠡᠶ᠃ ᠬᠡᠷᠪᠡ ᠦᠨᠡᠨ ᠬᠦ ᠣᠴᠢᠬᠤ ᠴᠢᠬᠤᠯᠠᠲᠠᠶ ᠪᠣᠯ᠂ ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠤᠷᠢᠳᠴᠢᠯᠠᠨ ᠣᠶᠢᠯᠠᠭᠠᠵᠤ᠂ ᠠᠶᠠᠯᠠᠯ ᠤᠨ ᠲᠥᠯᠥᠪᠵᠢᠭᠦᠯᠭᠡ ᠪᠠᠨ ᠰᠠᠶᠢᠲᠤᠷ ᠬᠢᠵᠦ᠂ ᠠᠮᠠᠪᠴᠢ᠂ ᠠᠷᠢᠭᠤᠳᠬᠠᠯ ᠤᠨ ᠡᠳ᠋ ᠵᠡᠷᠭᠡ ᠬᠠᠮᠠᠭᠠᠯᠠᠯᠲᠠ ᠶᠢᠨ ᠬᠡᠷᠡᠭᠰᠡᠯ ᠢ ᠭᠦᠢᠴᠡᠳ ᠪᠡᠯᠡᠳᠬᠡᠵᠦ᠂ ᠬᠤᠪᠢ ᠬᠥᠮᠦᠨ ᠤ ᠬᠠᠮᠠᠭᠠᠯᠠᠯᠲᠠ ᠶᠢ ᠡᠷᠬᠡᠪᠰᠢ ᠰᠠᠶᠢᠲᠤᠷ ᠬᠢᠬᠦ ᠬᠡᠷᠡᠭᠲᠡᠶ᠃      2. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠤᠨ ᠬᠤᠪᠢᠷᠠᠯᠲᠠ᠂ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠤ ᠲᠣᠬᠢᠷᠠᠭᠤᠯᠤᠯᠲᠠ ᠶᠢᠨ ᠪᠠᠶᠢᠳᠠᠯ ᠵᠢᠴᠢ ᠬᠠᠮᠢᠶ᠎ᠠ ᠪᠥᠬᠦᠶ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠤᠨ ᠠᠵᠢᠯᠯᠠᠭᠠᠨ ᠤ ᠵᠠᠮ ᠮᠥᠷ ᠢ ᠦᠷᠭᠦᠯᠵᠢᠯᠡᠨ ᠠᠩᠬᠠᠷᠬᠤ ᠬᠡᠷᠡᠭᠲᠡᠶ᠃ ᠣᠶᠢᠷ᠎ᠠ ᠶᠢᠨ 14 ᠡᠳᠦᠷ ᠲᠤ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠰᠠᠭᠤᠵᠤ ᠥᠩᠭᠡᠷᠡᠭᠰᠡᠨ ᠲᠡᠤᠬᠡ ᠲᠠᠢ ᠬᠥᠮᠦᠰ ᠪᠤᠶᠤ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠴᠠᠭ ᠪᠠ ᠣᠷᠣᠨ ᠵᠠᠶ ᠶᠢᠨ ᠲᠠᠯ᠎ᠠ ᠪᠠᠷ ᠵᠣᠬᠢᠬᠤ ᠬᠡᠮᠵᠢᠶᠡᠨ ᠤ ᠳᠠᠪᠬᠤᠴᠠᠭᠰᠠᠨ ᠬᠥᠮᠦᠰ ᠡᠷᠬᠡᠪᠰᠢ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ︶᠂ ᠪᠠᠶᠢᠭᠤᠯᠭ᠎ᠠ ᠨᠢᠭᠡᠴᠡ ᠪᠤᠶᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠮᠡᠳᠡᠭᠦᠯᠦᠨ ᠳᠠᠩᠰᠠᠯᠠᠭᠤᠯᠬᠤ ᠶᠢ ᠲᠡᠪᠴᠢᠬᠦ ᠪᠤᠶᠤ ᠬᠠᠮᠵᠢᠯᠴᠠᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃      3. ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ᠃ ᠬᠤᠪᠢ ᠬᠥᠮᠦᠨ ᠪᠠ ᠭᠡᠷ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠳᠦᠷᠢᠮᠵᠢᠯ ᠶᠣᠰᠣᠭᠠᠷ ᠠᠮᠠᠪᠴᠢ ᠵᠡᠭᠦᠬᠦ ᠶᠢᠨ ᠬᠠᠮᠲᠤ ᠴᠠᠭ ᠲᠤᠬᠠᠶ ᠳᠤᠨᠢ ᠣᠶᠢᠷᠠᠯᠴᠠᠭ᠎ᠠ ᠪᠠᠶᠢᠭ᠎ᠠ ᠬᠠᠯᠠᠭᠤᠷᠠᠬᠤ ᠡᠭᠦᠳᠡᠨ ᠡᠮᠨᠡᠯᠭᠡ ᠪᠤᠶᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠪᠠ ᠵᠢᠭᠰᠠᠭᠠᠨ ᠪᠠᠶᠢᠴᠠᠭᠠᠵᠤ᠂ ᠬᠤᠪᠢ ᠬᠥᠮᠦᠨ ᠤ ᠶᠠᠪᠤᠵᠤ ᠰᠠᠭᠤᠭᠰᠠᠨ ᠲᠡᠦᠬᠡ᠂ ᠠᠵᠢᠯᠯᠠᠭᠠᠨ ᠤ ᠲᠡᠦᠬᠡ ᠪᠠ ᠣᠶᠢᠷᠠᠲᠤᠭᠰᠠᠨ ᠲᠡᠦᠬᠡ ᠪᠠᠨ ᠦᠨᠡᠨ ᠮᠥᠨ ᠢᠶᠠᠷ ᠨᠢ ᠮᠡᠳᠡᠭᠳᠡᠵᠦ᠂ ᠡᠪᠡᠳᠴᠢᠨ ᠦᠵᠡᠭᠦᠯᠬᠦ ᠵᠠᠮ ᠳᠠᠭᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃      4. ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠢᠳᠡᠪᠬᠢᠲᠡᠶ ᠲᠠᠷᠢᠬᠤ ᠬᠡᠷᠡᠭᠲᠡᠢ᠃ ᠸᠠᠺᠼᠢᠨ ᠤ ᠲᠠᠷᠢᠯᠭ᠎ᠠ ᠪᠣᠯ ᠡᠪᠡᠳᠴᠢᠨ ᠬᠢᠵᠢᠭ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠸᠠᠺᠼᠢᠨ ᠤ ᠲᠠᠷᠢᠯᠭ᠎ᠠ ᠨᠢ ᠬᠠᠯᠳᠠᠪᠤᠷᠢᠯᠠᠬᠤ ᠨᠣᠷᠮ᠎ᠠ ᠪᠠ ᠬᠦᠨᠳᠦ ᠡᠪᠡᠳᠴᠢᠨ ᠤ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠡᠳᠦᠶ ᠬᠥᠮᠦᠰ ᠢᠳᠡᠪᠬᠢᠲᠡᠶ ᠤᠷᠢᠳᠴᠢᠯᠠᠨ ᠪᠣᠯᠵᠣᠵᠤ ᠲᠠᠷᠢᠯᠭ᠎ᠠ ᠬᠢᠭᠡᠷᠡᠶ︔ ᠨᠢᠭᠡᠨᠲᠡ ᠲᠠᠷᠢᠯᠭ᠎ᠠ ᠬᠢᠭᠰᠡᠨ ᠪᠣᠯᠪᠠᠴᠤ ᠲᠣᠳᠣᠷᠬᠠᠶᠢᠯᠠᠯᠲᠠ ᠶᠣᠰᠣᠭᠠᠷ ᠲᠠᠷᠢᠯᠭ᠎ᠠ ᠶᠢᠨ ᠠᠯᠬᠤᠮ ᠳᠠᠷᠠᠭ᠎ᠠ ᠶᠢ ᠬᠠᠷᠠᠬᠠᠨ ᠪᠡᠶᠡᠯᠡᠭᠦᠯᠦᠭᠡᠳᠦᠶ ᠬᠥᠮᠦᠰ ᠠᠯᠤᠰᠯᠠᠬᠤ ᠬᠤᠭᠤᠴᠠᠭ᠎ᠠ ᠲᠤᠯᠤᠭᠰᠠᠨ ᠤ ᠳᠠᠷᠠᠭ᠎ᠠ᠂ ᠳᠠᠷᠠᠭᠠᠬᠢ ᠲᠠᠷᠢᠯᠭ᠎ᠠ ᠶᠢᠨ ᠠᠵᠢᠯ ᠢ ᠡᠷᠲᠡᠬᠡᠨ ᠬᠢᠵᠦ ᠳᠠᠭᠤᠰᠬᠠᠬᠤ ᠬᠡᠷᠡᠭᠲᠡᠶ᠃      5. ᠪᠣᠯᠪᠠᠰᠤᠨ ᠠᠮᠢᠳᠤᠷᠠᠯ ᠤᠨ ᠵᠠᠩ ᠳᠠᠳᠬᠠᠯ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠶᠢ ᠪᠠᠷᠢᠮᠲᠠᠯᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ ᠬᠤᠷᠠᠵᠤ ᠴᠤᠭᠯᠠᠷᠠᠬᠤ ᠦᠭᠡᠢ᠂ ᠪᠥᠭᠡᠮᠨᠡᠷᠡᠯᠳᠦᠬᠦ ᠦᠭᠡᠢ᠂ ᠲᠤᠰᠠᠭᠠᠷ ᠬᠤᠭᠤᠯᠠᠯᠠᠵᠤ᠂ ᠨᠡᠶᠢᠲᠡ ᠶᠢᠨ ᠰᠠᠪᠬ᠎ᠠ ᠬᠡᠷᠡᠭᠯᠡᠨ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠲᠠᠢ ᠪᠠᠶᠢᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠳᠠᠳᠬᠠᠯ ᠢ ᠪᠠᠷᠢᠮᠲᠠᠯᠠᠵᠤ᠂ ᠬᠥᠮᠦᠨ ᠨᠢᠭᠲᠠᠷᠠᠭᠰᠠᠨ᠂ ᠠᠭᠠᠷ ᠨᠡᠪᠲᠡᠷᠡᠬᠦ ᠥᠬᠡᠶ ᠲᠠᠯᠠᠪᠤᠷ ᠲᠤ ᠠᠯᠢ ᠴᠢᠳᠠᠬᠤ ᠪᠠᠷ ᠣᠴᠢᠬᠤ ᠥᠬᠡᠶ ᠪᠤᠶᠤ ᠴᠥᠭᠡᠨ ᠣᠴᠢᠵᠤ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠴᠡᠭ︶᠂ ᠲᠠᠷᠢᠶᠠᠴᠢᠨ ᠡᠷᠦᠬᠡ ︵ᠮᠠᠯᠵᠢᠯ︶ ᠶᠢᠨ ᠬᠡᠷ ᠪᠦᠯᠢ ᠶᠢᠨ ᠵᠢᠭᠤᠯᠴᠢᠯᠠᠯ᠂ ᠬᠤᠳᠠᠯᠳᠤᠭᠠᠨ ᠤ ᠲᠠᠯᠠᠪᠤᠷ᠂ ᠴᠢᠯᠦᠭᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠪᠠᠭᠤᠳᠠᠯ᠂ ᠺᠢᠨᠣ᠋ ᠵᠦᠴᠦᠭᠡ ᠶᠢᠨ ᠲᠢᠶᠠᠲᠷ᠂ ᠨᠡᠶᠢᠲᠡ ᠶᠢᠨ ᠮᠠᠰᠢᠨ ᠲᠡᠷᠭᠡ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠺᠣᠳ᠋ ᠰᠢᠷᠪᠢᠬᠦ ᠪᠠ ᠬᠠᠯᠠᠭᠤᠨ ᠢ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃      6. ᠲᠣᠮᠣ ᠬᠡᠯᠪᠡᠷᠢ ᠶᠢᠨ ᠠᠵᠢᠯᠯᠠᠭ᠎ᠠ ᠶᠢ ᠴᠢᠩᠭ᠎ᠠ ᠡᠵᠡᠮᠳᠡᠬᠦ ᠬᠡᠷᠡᠭᠲᠡᠢ᠃ ᠭᠠᠳᠠᠨ᠎ᠠ ᠠᠴᠠ ᠢᠷᠡᠭᠰᠡᠨ 50 ᠠᠴᠠ ᠳᠡᠭᠡᠭᠰᠢ ᠬᠥᠮᠦᠨ ᠣᠷᠣᠯᠴᠠᠬᠤ ᠬᠤᠷᠠᠯ ᠪᠠ ᠠᠵᠢᠯᠯᠠᠭ᠎ᠠ ᠶᠢ ᠡᠷᠬᠢᠯᠡᠬᠦ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠲᠥᠰᠦᠯ ᠲᠣᠭᠲᠠᠭᠠᠬᠤ ᠶᠢᠨ ᠬᠠᠮᠲᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃ ᠭᠠᠳᠠᠷ ᠣᠷᠣᠨ ᠠᠴᠠ ᠮᠠᠨ ᠤ ᠬᠤᠰᠢᠭᠤᠨ ᠳᠤ ᠢᠷᠡᠵᠦ ᠬᠤᠷᠠᠯ᠂ ᠲᠣᠭᠯᠠᠯᠲᠠ᠂ ᠤᠷᠤᠯᠳᠤᠭᠠᠨ ᠵᠡᠷᠭᠡ ᠬᠠᠮᠲᠤ ᠶᠢᠨ ᠠᠵᠢᠯᠯᠠᠭ᠎ᠠ ᠳᠤ ᠣᠷᠣᠯᠴᠠᠭᠰᠠᠨ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠲᠠᠢ ᠭᠡᠷᠡᠴᠢ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠭᠠᠷᠪᠠᠯ ᠴᠠᠭ ᠲᠤᠬᠠᠢ ᠳᠤᠨᠢ ᠬᠤᠷᠠᠯ᠂ ᠠᠵᠢᠯᠯᠠᠭ᠎ᠠ ᠶᠢ ᠡᠷᠭᠢᠯᠡᠭᠰᠡᠨ ᠲᠠᠯ᠎ᠠ ᠳᠤ ᠮᠡᠳᠡᠭᠦᠯᠬᠦ ᠬᠡᠷᠡᠭᠲᠡᠶ᠃      7. ᠴᠢᠬᠤᠯᠠ ᠦᠭᠡᠢ ᠪᠣᠯ ᠴᠤᠭᠯᠠᠷᠠᠬᠤ ᠥᠬᠡᠶ ᠪᠠᠶᠢᠬᠤ ᠶᠢ ᠪᠠᠷᠢᠮᠲᠠᠯᠠᠨ᠎ᠠ᠃ ᠬᠥᠮᠦᠨ ᠨᠢᠭᠡᠪᠦᠷᠢ ᠴᠥᠮ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠂ ᠬᠥᠮᠦᠨ ᠬᠠᠷ᠎ᠠ ᠨᠢᠭᠲᠠᠷᠠᠨ ᠴᠤᠭᠯᠠᠷᠠᠬᠤ ᠪᠤᠶᠤ ᠪᠢᠲᠡᠭᠦᠮᠵᠢᠯᠡᠭᠰᠡᠨ ᠲᠠᠯᠠᠪᠤᠷ ᠲᠤ ᠣᠴᠢᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠴᠢᠬᠤᠯᠠ ᠪᠣᠰᠤ ᠬᠠᠮᠲᠤ ᠬᠤᠭᠤᠯᠠᠯᠠᠬᠤ ᠠᠵᠢᠯᠯᠠᠭ᠎ᠠ ᠶᠢ ᠪᠠᠭᠠᠰᠬᠠᠨ᠂ ᠬᠡᠷ ᠪᠦᠯᠢ ᠶᠢᠨ ᠬᠠᠮᠲᠤ ᠶᠢᠨ ᠬᠤᠭᠤᠯᠠᠯᠠᠭ᠎ᠠ ᠵᠡᠷᠭᠡ ᠶᠢ 10 ᠬᠥᠮᠦᠨ ᠳᠣᠲᠣᠷ᠎ᠠ ᠬᠢᠵᠠᠭᠠᠷᠯᠠᠬᠤ ᠶᠢ ᠰᠠᠨᠠᠭᠠᠴᠢᠯᠠᠨ᠎ᠠ᠃ ᠠᠯᠪᠠᠨ ᠲᠤᠰᠢᠶᠠᠯᠲᠠᠨ᠂ ᠨᠠᠮ ᠤᠨ ᠭᠡᠰᠢᠭᠦᠨ ᠺᠠᠳ᠋ᠷᠴᠤᠳ ᠳᠠᠶᠢᠯᠠᠯᠭ᠎ᠠ᠂ ᠴᠤᠭᠯᠠᠭᠠᠨ ᠵᠡᠷᠭᠡ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ ᠲᠦᠷᠦᠭᠦᠯᠡᠨ ᠣᠷᠣᠯᠴᠠᠬᠤ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠢᠶᠠᠷ ᠬᠥᠲᠥᠯᠦᠨ ᠵᠢᠯᠣᠭᠤᠳᠬᠤ ᠠᠵᠢᠯ ᠢ ᠲᠦᠷᠦᠭᠦᠯᠡᠨ ᠰᠠᠶᠢᠲᠤᠷ ᠬᠢᠬᠦ ᠬᠡᠷᠡᠭᠲᠡᠶ᠃      8. ᠡᠷᠡᠭᠦᠯ ᠪᠥᠭᠡᠳ ᠢᠳᠡᠪᠬᠢᠲᠡᠶ ᠰᠡᠳᠬᠢᠴᠡ ᠶᠢᠨ ᠪᠠᠶᠢᠳᠠᠯ ᠲᠠᠢ ᠪᠠᠶᠢᠬᠤ ᠬᠡᠷᠡᠭᠲᠡᠶ᠃ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ ᠭᠤᠣᠯᠯᠠᠭᠴᠢ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠵᠦᠢ ᠶᠣᠰᠣᠨ ᠤ ᠠᠷᠭ᠎ᠠ ᠵᠠᠮ ᠢᠶᠠᠷ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠳᠠᠮᠵᠢᠭᠤᠯᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠵᠤ᠂ ᠴᠢᠬᠤᠯᠠ ᠪᠣᠰᠤ ᠵᠣᠪᠠᠨᠢᠯ ᠪᠠ ᠭᠡᠯᠮᠡᠭᠳᠡᠯ ᠠᠴᠠ ᠵᠠᠶᠢᠯᠠᠰᠬᠢᠬᠦ ᠬᠡᠷᠡᠭᠲᠡᠶ᠃                          ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ                            ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ                               ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ                               2021 ᠣᠨ ᠤ 8 ᠰᠠᠷ᠎ᠠ ᠶᠢᠨ 1 ᠤ ᠡᠳᠦᠷ
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号