ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢ ᡁᠢ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/8/20
       8 ᠰᠠᠷ᠎ᠠ ᠶᠢᠨ 19 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠨ ᠯᠢ ᡁᠢ ᠮᠠᠨ ᠤ ᠬᠤᠰᠢᠭᠤᠨ ᠳᠤ ᠢᠷᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ  ᠶᠢᠨ ᠬᠤᠷᠠᠯ ᠤᠨ ᠬᠡᠷ ᠲᠤ ᠬᠠᠷᠢᠭᠤ ᠮᠡᠳᠡᠭᠦᠯᠦᠯᠲᠡ ᠶᠢᠨ ᠬᠤᠷᠠᠯ ᠬᠢᠵᠦ᠂ ᠮᠠᠨ ᠤ ᠬᠤᠰᠢᠭᠤᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂ ᠪᠠᠶ ᠴᠦᠨ ᠮᠧᠶ᠂ ᠯᠦ ᠰᠢᠨ᠂ ᠯᠢ ᠵᠢᠶᠠᠨ᠂  ᠡᠷᠳᠡᠨᠢᠪᠦ᠋ᠬᠡ ᠬᠤᠷᠠᠯ ᠳᠤ ᠣᠷᠣᠯᠴᠠᠪᠠ
       ᠬᠤᠷᠠᠯ ᠳᠡᠭᠡᠷ᠎ᠡ᠂ ᠪᠦᠬᠡᠪᠠᠶᠠᠷ ᠮᠠᠨ ᠤ ᠬᠤᠰᠢᠭᠤᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃
       ᠶᠠᠨ ᠯᠢ ᡁᠢ ᠮᠠᠨ ᠤ ᠬᠤᠰᠢᠭᠤᠨ ᠤ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠨᠤᠲᠠᠯᠠᠵᠤ᠂ ᠰᠢᠨ᠎ᠡ ᠪᠠᠷᠭᠤ ᠪᠠᠷᠠᠭᠤᠨ ᠬᠤᠰᠢᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠬᠤᠰᠢᠭᠤ ᠳᠠᠶᠠᠭᠠᠷ ᠰᠡᠳᠬᠢᠯ ᠨᠢᠭᠡᠳᠦᠨ ᠬᠠᠮᠲᠤ ᠪᠠᠷ ᠴᠢᠷᠮᠠᠶᠢᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ ᠭᠡᠵᠦ ᠦᠵᠡᠪᠡ᠃ ᠲᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ᠂ ᠲᠡᠷᠡ ᠴᠢᠬᠤᠯᠠᠴᠢᠯᠠᠭᠰᠠᠨ ᠨᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠨᠢᠭᠡᠴᠡ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠨ᠂ ᠤᠬᠠᠭᠤᠯᠵᠤ ᠬᠥᠲᠥᠯᠦᠨ ᠵᠢᠯᠣᠭᠤᠳᠬᠤ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢᠶᠠᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠳᠥᠯᠭᠢᠨ ᠠᠬᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠬᠤ ᠬᠡᠷᠡᠭᠲᠡᠢ᠃ ᠬᠠᠷᠢᠶᠠᠲᠤ ᠣᠷᠣᠨ ᠤ ᠬᠠᠷᠢᠭᠤᠴᠠᠯᠭ᠎ᠠ ᠪᠠ ᠰᠤᠷᠭᠠᠭᠤᠯᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠷᠢᠯᠢᠭ ᠨᠠᠶᠢᠳᠠᠪᠤᠷᠢᠵᠢᠭᠤᠯᠵᠤ᠂ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠦᠶ᠎ᠡ ᠶᠢᠨ ᠲᠣᠭᠲᠠᠭᠤᠨ ᠪᠥᠭᠡᠳ ᠤᠷᠤᠭᠰᠢᠲᠠᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃
       ᠶᠠᠨ ᠯᠢ ᡁᠢ ᠪᠠᠰᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ᠡᠯ᠎ᠡ ᠰᠤᠷᠭᠠᠭᠤᠯᠢ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠵᠤ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃                       ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号