ᠴᠠᠩ ᠴᠢᠩ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/20
       8 ᠰᠠᠷ᠎ᠠ ᠶᠢᠨ 18 ᠤ ᠣᠷᠣᠶ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠬᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ ᠵᠢᠴᠢ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
       ᠬᠤᠷᠠᠯ ᠳᠡᠭᠡᠷ᠎ᠡ ᠮᠠᠨ ᠤ ᠬᠤᠰᠢᠭᠤᠨ ᠤ ᠣᠳᠣᠬᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠵᠡᠶ᠃        ᠴᠠᠩ ᠴᠢᠩ ᠱᠠᠭᠠᠷᠳᠠᠭᠰᠠᠨ ᠨᠢ᠂ ᠣᠳᠣᠬᠠᠨ ᠤ ᠰᠡᠷᠭᠡᠶᠢᠯᠡᠨ ᠡᠵᠡᠮᠳᠡᠬᠦ ᠠᠵᠢᠯ ᠤᠨ ᠪᠤᠳᠤᠯᠢᠶᠠᠨᠲᠤ ᠴᠢᠨᠠᠷ ᠪᠠ ᠪᠡᠷᠬᠡ ᠬᠠᠲᠠᠭᠤᠵᠢᠯᠲᠤ ᠴᠢᠨᠠᠷ ᠢ ᠬᠦᠢᠴᠡᠳ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠦᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠬᠠᠮᠳᠤᠷᠠᠯ ᠤᠨ ᠬᠦᠴᠦᠨ ᠢ ᠪᠤᠢ ᠪᠤᠯᠭᠠᠨ᠂ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠮᠢᠲᠠᠨ ᠤ ᠬᠢᠵᠢᠭ ᠡᠪᠡᠳᠴᠢᠨ ᠤ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠬᠦ ᠬᠡᠷᠡᠭᠲᠡᠶ᠃ ᠲᠠᠰᠤᠯᠬᠤ᠂ ᠲᠤᠰᠠᠭᠠᠷᠯᠠᠬᠤ᠂ ᠠᠷᠢᠭᠤᠳᠬᠠᠬᠤ ᠠᠵᠢᠯ ᠢ ᠰᠠᠶᠢᠲᠤᠷ ᠬᠢᠵᠦ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠣᠨᠣᠰᠢᠯᠠᠬᠤ᠂ ᠡᠷᠲᠡ ᠰᠢᠢᠳᠪᠦᠷᠢᠯᠡᠬᠦ ᠬᠡᠷᠡᠭᠲᠡᠶ᠃ ᠬᠢᠵᠢᠭ ᠤᠨ ᠪᠠᠶᠢᠴᠠᠭᠠᠯᠲᠠ ᠶᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠳᠣᠬᠠᠨ ᠤ ᠬᠢᠵᠢᠭ ᠤᠨ ᠪᠠᠶᠢᠳᠠᠯ ᠢ ᠦᠨᠳᠦᠰᠦᠯᠡᠨ ᠱᠠᠲᠤ ᠦᠶ᠎ᠡ ᠳᠤ ᠵᠣᠬᠢᠴᠠᠭᠰᠠᠨ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠯ᠎ᠡ ᠱᠠᠲᠤᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠭᠦ ᠬᠤᠰᠢᠭᠤᠨ ᠤ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠶ ᠭᠡᠵᠡᠢ᠃                        ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号