ᠴᠢᠨᠠᠷ ᠰᠠᠶᠢᠳᠠᠢ ᠨᠠᠮ ᠤᠨ ᠪᠠᠶᠢᠭᠤᠯᠤᠯᠳᠠ ᠪᠠᠷ ᠬᠦᠳᠦᠯᠦᠨ ᠵᠢᠯᠤᠭᠤᠳᠤᠭᠤᠯᠬᠤ ᠶᠢ ᠴᠢᠩᠭᠠᠳᠬᠠᠨ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2021/8/23
     ︽ᠰᠢᠨ᠎ᠠ ᠪᠠᠷᠭᠤ ᠪᠠᠷᠭᠤᠨ ᠬᠤᠰᠢᠭᠤ ᠦᠪᠡᠷᠳᠡᠭᠡᠨ ᠵᠠᠰᠬᠠᠤ ᠤᠷᠤᠨ ᠤ ᠠᠩᠬᠠᠳᠠᠭᠴᠢ ᠪᠦᠯᠦᠭ ᠮᠠᠯᠵᠢᠬᠤ ᠤᠷᠤᠨ ᠤ ᠤᠳᠤᠬᠢᠴᠢᠯᠠᠯᠳᠠ ᠶᠢᠨ ᠲᠤᠷᠰᠢᠯᠳᠠ ᠶᠢᠨ ᠴᠡᠭ ᠪᠤᠯᠤᠭᠰᠠᠨ ᠤ ᠬᠤᠪᠢ ᠳᠤ ᠶᠡᠷᠦᠩᠬᠡᠢ ᠱᠦᠵᠢ ᠰᠢ ᠶᠢᠨ ᠫᠢᠡᠭ ᠤᠨ ︿7.1﹀ ᠤ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ︿ᠪᠤᠬᠢᠷᠳᠤᠯ ᠦᠭᠡᠢ ﹀ ︿ᠬᠦᠭᠵᠢᠬᠦᠯᠬᠦ﹀ ᠭᠡᠬᠦ ᠬᠤᠶᠠᠷ ᠶᠡᠭᠡ ᠰᠡᠳᠦᠪ ᠢ ᠪᠠᠳᠤ ᠡᠵᠡᠮᠰᠢᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢᠶᠠᠷ ᠡᠷᠡᠰ ᠵᠠᠮᠨᠠᠵᠤ᠂ ᠬᠢᠯᠢ ᠬᠢᠵᠠᠭᠠᠷ ᠤᠨ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠭᠦᠳᠦᠨ᠎ᠡ᠃︾ ᠤᠢᠢᠷ᠎ᠠ ᠳᠤ ᠰᠢᠨ᠎ᠠ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠡᠶᠠᠷ ᠲᠤᠰ ᠰᠤᠨᠢᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠡᠭᠭᠢᠵᠤ ᠢᠯᠡᠷᠬᠡᠶᠢᠯᠡᠪᠡ᠃      ᠪᠦᠬᠡᠪᠠᠶᠠᠷ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠡᠭ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠲᠡᠭᠡᠷᠡᠬᠢ ᠴᠢᠬᠤᠯᠠ ᠶᠠᠷᠢᠶᠠᠨ ᠳᠠᠭᠠᠨ ᠵᠠᠭᠤᠨ ᠵᠢᠯ ᠤᠨ ᠲᠤᠷᠰᠢᠬᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠦᠬᠦ ᠤᠯᠤᠰ ᠤᠨ ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠤ ᠤᠯᠤᠭᠰᠠᠨ ᠠᠭᠤᠤ ᠶᠡᠭᠡ ᠠᠮᠵᠢᠯᠳᠠ ᠶᠢ ᠪᠦᠬᠦ ᠲᠠᠯ᠎ᠠ ᠪᠠᠷ ᠡᠷᠬᠢᠴᠡᠬᠦᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠤᠷᠢᠭ ᠰᠠᠨᠠᠭ᠎ᠠ ᠶᠢ ᠬᠦᠨ ᠬᠦᠨᠵᠡᠭᠡᠢ ᠳ᠋ᠦᠡᠭᠨᠡᠵᠤ᠂ ᠲᠡᠤᠬᠡ ᠪᠠᠷ ᠲᠤᠯᠢ ᠪᠤᠯᠭᠠᠨ᠂ ᠢᠷᠡᠭᠡᠳᠦᠢ ᠪᠠᠨ ᠨᠡᠭᠡᠭᠡᠬᠦ ︽ᠶᠢᠰᠦᠨ ᠡᠷᠬᠡᠪᠰᠢ︾ ᠶᠢ ᠰᠢᠰᠲ᠋ᠧᠮ ᠲᠠᠢ ᠲᠤᠳᠤᠷᠬᠠᠢᠢᠯᠠᠨ ᠦᠬᠦᠯᠡᠵᠤ᠂ ᠪᠦᠬᠦ ᠨᠠᠮ ᠪᠦᠬᠦ ᠤᠯᠤᠰ ᠤᠨ ᠡᠯ᠎ᠡ ᠦᠨᠳᠦᠰᠦᠳᠡᠨ ᠤ ᠠᠷᠠᠳ ᠲᠦᠮᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠳᠠ ᠲᠡᠶᠢᠰᠢ ᠤᠷᠤᠭᠰᠢᠯᠠᠬᠤ ᠳᠤ ᠤᠷᠤᠭᠰᠢᠯᠠᠯᠳᠠ ᠶᠢᠨ ᠴᠢᠭᠯᠡᠯ ᠢ ᠲᠤᠳᠤᠷᠬᠠᠢ ᠵᠢᠭᠠᠨ ᠦᠨᠳᠦᠰᠦᠨ ᠵᠢᠷᠤᠮᠯᠠᠯ ᠬᠠᠨᠭ᠍ᠭᠠᠵᠠᠢ᠃ ᠪᠢᠳᠡ ᠴᠠᠭ ᠢᠮᠠᠭᠳᠠ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠨᠠᠮ ᠤᠨ ᠦᠨᠳᠦᠰᠦᠨ ᠴᠢᠨᠠᠷᠳᠠᠢ ᠪᠦᠳᠦᠭᠡᠨ ᠪᠠᠶᠢᠭᠤᠯᠤᠯᠳᠠ ᠪᠤᠯᠭᠠᠵᠤ᠂ ︽ᠲᠦᠷᠪᠡᠨ ᠤᠬᠠᠠᠮᠰᠠᠷ︾ ᠢᠶᠠᠨ ᠴᠢᠩᠭᠠᠳᠬᠠᠨ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠬᠤᠶᠠᠷ ᠢ ᠬᠦᠷᠢᠶᠡᠯᠡᠬᠦ︾ ᠶᠢ ᠪᠡᠶᠡᠯᠡᠬᠦᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠬᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭᠠᠨ ᠤ ᠲᠠᠯ᠎ᠠ ᠪᠠᠷ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠰᠢᠨ᠎ᠠ ᠪᠠᠷᠭᠤ ᠪᠠᠷᠠᠭᠤᠨ ᠬᠤᠰᠢᠭᠤᠨ ᠳᠤ ᠪᠤᠳᠠᠳᠠᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ᠃      ᠠᠷᠠᠳ ᠲᠦᠮᠡᠨ ᠪᠤᠯ ᠲᠡᠤᠬᠡ ᠶᠢ ᠡᠭᠦᠳᠦᠨ ᠪᠦᠳᠦᠭᠡᠭᠴᠢ᠂ ᠦᠨᠡᠨ ᠬᠦ ᠪᠠᠭᠠᠳᠤᠷ ᠮᠦᠨ᠃ ᠪᠢᠳᠡ ︽ᠲᠦᠷᠦ ᠬᠦᠷᠦᠨ ᠪᠤᠯ ᠲᠠᠷᠤᠢ ᠠᠷᠠᠳ ᠲᠦᠮᠡᠨ ᠠᠷᠠᠳ ᠲᠦᠮᠡᠨ ᠪᠤᠯ ᠲᠠᠷᠤᠢ ᠲᠦᠷᠦ ᠬᠦᠷᠦᠨ︾ ᠭᠡᠬᠦ ᠤᠢᠢᠯᠠᠭᠠᠭᠳᠠᠬᠤᠨ ᠢ ᠪᠠᠳᠤ ᠪᠤᠢ ᠪᠤᠯᠭᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠮᠠᠭᠳᠠ ᠪᠠᠷᠢᠮᠳᠠᠯᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠦᠮᠦᠰ ᠤᠨ ᠰᠡᠳᠬᠢᠯ ᠢ ᠨᠢᠭᠳᠠᠷᠠᠭᠤᠯᠬᠤ ᠪᠠᠷ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠠᠮᠤᠭ ᠤᠨ ᠡᠴᠦᠰ ᠤᠨ ᠵᠤᠭᠰᠤᠴᠠ ᠪᠠ ᠲᠡᠷᠢᠬᠦᠨ ᠴᠢᠬᠤᠯᠠ ᠡᠬᠦᠷᠭᠡ ᠪᠤᠯᠭᠠᠵᠤ᠂ ᠬᠦᠭᠵᠢᠯᠳᠡ ᠲᠡᠩᠴᠡᠭᠦᠷᠢ ᠦᠭᠡᠢ ᠬᠦᠢᠴᠡᠳ ᠪᠤᠰᠤ ᠠᠰᠠᠭᠤᠳᠠᠯ ᠪᠤᠯᠤᠨ ᠠᠷᠠᠳ ᠤᠯᠠᠨ ᠤ ︽ᠪᠠᠴᠢᠮᠳᠠᠵᠤ ᠬᠦᠴᠢᠷᠳᠡᠵᠤ ᠵᠤᠪᠠᠨᠢᠵᠤ ᠬᠦᠰᠡᠵᠤ︾ ᠪᠠᠶᠢᠬᠤ ᠠᠰᠠᠭᠤᠳᠠᠯ ᠢ ᠰᠡᠳᠬᠢᠯ ᠤᠨ ᠤᠭ ᠠᠴᠠ ᠪᠠᠨ ᠬᠦᠴᠦᠯᠡᠨ ᠰᠢᠢᠳᠪᠦᠷᠢᠯᠡᠵᠤ᠂ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠦᠭᠦᠭᠡᠷᠦᠮᠵᠢ ᠶᠢᠨ ᠲᠤᠳᠠᠭᠤᠳᠠᠯ ᠢ ᠲᠠᠰᠤᠷᠠᠯᠳᠠ ᠦᠭᠡᠢ ᠨᠦᠬᠦᠪᠦᠷᠢᠯᠡᠵᠤ᠂ ᠠᠵᠢᠯ ᠤᠯᠭᠤᠯᠳᠠ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠮᠠᠯᠴᠢᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠵᠤ᠂ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠨᠠᠩ ᠤᠯᠠᠨ ᠨᠠᠩ ᠡᠷᠬᠡ ᠲᠡᠭᠰᠢ ᠪᠠᠷ ᠪᠦᠬᠦ ᠠᠷᠠᠳ ᠲᠦᠮᠡᠨ ᠳᠤ ᠬᠦᠷᠳᠡᠭᠡᠬᠦ ᠶᠢ ᠲᠦᠯᠬᠢᠨ ᠠᠬᠢᠭᠤᠯᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ ᠪᠤᠯᠤᠨ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠲᠡᠭᠡᠭᠰᠢᠯᠡᠬᠦᠯᠦᠨ᠎ᠡ᠃      ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠦ ᠤᠷᠤᠨ ᠪᠤᠯᠤᠭᠰᠠᠨ ᠤ ᠬᠤᠪᠢ ᠳᠤ ᠪᠢᠳᠡ ᠠᠮᠢ ᠠᠬᠤᠢ ᠶᠢ ᠰᠢᠨ᠎ᠠ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠶᠢᠨ ᠭᠤᠤᠯ ᠬᠦᠳᠡᠯᠭᠡᠬᠦᠷ ᠪᠤᠯᠭᠠᠵᠤ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠯᠦᠨ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠪᠤᠯᠤᠨ ᠦᠪᠡᠷᠳᠡᠭᠡᠨ ᠵᠠᠰᠬᠠᠤ ᠤᠷᠤᠨ ᠤ ᠲᠡᠰ ᠤᠨ ᠪᠠᠷᠭᠤ ᠵᠡᠭᠡᠷ᠎ᠡ ᠶᠢ ᠬᠠᠮᠠᠭᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠢ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ ᠲᠠᠰᠤᠷᠠᠯᠳᠠ ᠦᠭᠡᠢ ᠰᠠᠶᠢᠵᠢᠷᠠᠭᠤᠯᠵᠤ᠂ ᠡᠬᠡ ᠤᠯᠤᠰ ᠤᠨ ᠤᠮᠠᠷᠠᠳᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠪᠠᠬᠢᠵᠢᠬᠦᠯᠦᠨ᠎ᠠ᠃ ᠡᠭᠦᠨ ᠤ ᠬᠠᠮᠳᠤ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠬᠤᠰᠢᠭᠤᠨ ᠤ ᠴᠢᠬᠤᠯᠠ ᠶᠡᠭᠡ ᠠᠵᠠ ᠲᠤᠬᠢᠶᠠᠯ ᠢ ᠪᠠᠳᠤ ᠡᠵᠡᠮᠰᠢᠵᠤ᠂ ᠤᠯᠠᠮᠵᠢᠯᠠᠯᠳᠦ ᠴᠠᠭᠠᠨ ᠢᠳᠡᠭᠡᠨ᠂ ᠦᠨᠳᠦᠰᠦᠳᠡᠨ ᠤ ᠬᠤᠪᠴᠠᠰᠤ ᠵᠠᠰᠠᠯ᠂ ᠭᠠᠷ ᠤᠷᠠᠯᠠᠯ ᠤᠨ ᠪᠦᠳᠦᠭᠡᠭᠳᠡᠬᠦᠨ ᠪᠤᠯᠪᠠᠰᠤᠷᠠᠭᠤᠯᠬᠤ ᠵᠡᠷᠭᠡ ᠦᠨᠳᠦᠰᠦᠳᠡᠨ ᠤ ᠤᠨᠴᠠᠯᠢᠭᠳᠤ ᠠᠵᠤ ᠦᠢᠯᠡᠰ ᠢ ᠢᠳᠡᠪᠬᠢᠳᠡᠢ ᠪᠤᠶᠢᠵᠢᠭᠤᠯᠵᠤ᠂ ᠪᠦᠬᠦ ᠤᠷᠤᠨ ᠪᠦᠰᠡ ᠶᠢᠨ ᠵᠤᠭᠠᠴᠠᠯ᠂ ᠲᠡᠭᠡᠳᠦ ᠲᠡᠰ ᠤᠨ ᠵᠤᠭᠠᠴᠠᠯ ᠢ ᠶᠡᠭᠡ ᠪᠠᠷ ᠬᠦᠭᠵᠢᠬᠦᠯᠵᠤ᠂ ᠤᠯᠠᠨ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠠᠵᠤ ᠦᠢᠯᠡᠰ ᠤᠨ ᠠᠮᠢ ᠠᠬᠤᠢᠢᠵᠢᠯᠳᠠ᠂ ᠠᠮᠢ ᠠᠬᠤᠢ ᠶᠢᠨ ᠠᠵᠤ ᠦᠢᠯᠡᠰᠵᠢᠯᠳᠡ ᠶᠢ ᠲᠦᠯᠬᠢᠨ ᠠᠬᠢᠭᠤᠯᠵᠤ᠂ ᠰᠢᠨ᠎ᠠ ᠬᠦᠭᠵᠢᠯᠳᠡ ᠶᠢᠨ ᠱᠠᠳᠤᠨ ᠤ ᠨᠠᠩ ᠴᠢᠨᠠᠷ ᠰᠠᠶᠢᠳᠠᠢ ᠪᠤᠬᠢᠷᠳᠤᠯ ᠦᠭᠡᠢ ᠬᠦᠭᠵᠢᠯᠳᠡ ᠶᠢ ᠪᠠᠳᠤᠯᠠᠨ᠎ᠠ ᠭᠡᠵᠠᠢ᠃      ᠪᠦᠬᠡᠪᠡᠶᠡᠷ ᠬᠡᠯᠡᠭᠰᠡᠨ ᠨᠢ᠂ ᠪᠢᠳᠡ ᠠᠭᠤᠤ ᠶᠡᠭᠡ ᠨᠠᠮ ᠪᠠᠶᠢᠭᠤᠯᠤᠭᠰᠠᠨ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠵᠠᠯᠭᠠᠮᠵᠢᠯᠠᠵᠤ᠂ ᠬᠦᠭᠵᠢᠬᠦᠯᠦᠨ ᠪᠠᠳᠠᠷᠠᠭᠤᠯᠵᠤ᠂ ᠰᠢᠨ᠎ᠠ ᠪᠠᠶᠢᠳᠠᠯ ᠳᠤ ᠵᠤᠬᠢᠴᠠᠨ᠂ ᠰᠢᠨ᠎ᠠ ᠦᠷᠢᠰᠦᠯᠳᠦᠭᠡᠨ ᠢ ᠤᠭᠳᠤᠵᠤ᠂ ᠰᠢᠨ᠎ᠠ ᠠᠰᠠᠭᠤᠳᠠᠯ ᠢ ᠰᠢᠢᠳᠪᠦᠷᠢᠯᠡᠨ᠂ ᠦᠨᠡᠨ ᠬᠦ ᠠᠳᠬᠤᠵᠤ ᠪᠤᠳᠠᠳᠠᠢ ᠠᠵᠢᠯᠯᠠᠬᠤ ᠶᠢ ᠪᠠᠷᠢᠮᠳᠠᠯᠠᠨ᠂ ᠮᠡᠷᠡᠶᠢᠨ ᠴᠢᠷᠮᠠᠶᠢᠨ ᠠᠵᠢᠯᠯᠠᠵᠤ᠂ ︽ᠮᠤᠩᠭᠤᠯ ᠮᠤᠷᠢᠨ ᠤ ᠵᠤᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠤᠨ᠂ ︽ᠬᠡᠳᠦᠢ ᠬᠦᠴᠢᠷ ᠪᠡᠷᠬᠡᠰᠢᠶᠡᠯ ᠲᠠᠢ ᠪᠤᠯ ᠲᠡᠳᠦᠢ ᠤᠷᠤᠭᠰᠢᠯᠠᠬᠤ︾ ᠵᠤᠷᠢᠭ ᠰᠠᠨᠠᠭ᠎ᠠ ᠶᠢ ᠪᠠᠷᠢᠮᠳᠠᠯᠠᠨ᠂ ︽ᠵᠤᠷᠢᠭᠰᠠᠨ ᠳᠠᠭᠠᠨ ᠵᠠᠪᠠᠯ ᠬᠦᠷᠬᠦ︾ ᠬᠠᠳᠠᠨ ᠪᠠᠳᠤ ᠵᠤᠷᠢᠭ ᠢᠶᠠᠷ ᠬᠦᠴᠢᠷ ᠪᠡᠷᠬᠡ ᠶᠢ ᠲᠠᠪᠠᠨ ᠤᠷᠤᠭᠰᠢᠯᠠᠵᠤ᠂ ᠠᠵᠠ ᠲᠤᠬᠢᠶᠠᠯ ᠢ ᠵᠠᠪᠳᠤᠨ᠂ ᠢᠯᠠᠯᠳᠠ ᠶᠢᠨ ᠡᠷᠴᠢᠨ ᠲᠡᠭᠡᠷ᠎ᠡ ᠤᠷᠤᠭᠰᠢᠯᠠᠵᠤ᠂ ᠨᠠᠶᠢᠳᠠᠪᠤᠷᠢᠵᠢᠭᠤᠯᠤᠯᠳᠠ ᠶᠢ ᠠᠳᠬᠤᠬᠤ ︽ᠬᠠᠮᠤᠭ ᠤᠨ ᠡᠴᠦᠰ ᠤᠨ ᠨᠢᠭᠡ ᠺᠢᠯᠤᠮᠧᠳ᠋ᠷ︾ ᠢ ᠰᠠᠶᠢᠳᠤᠷ ᠵᠠᠮᠨᠠᠵᠤ᠂ ᠠᠷᠠᠳ ᠤᠯᠠᠨ ᠳᠤ ᠰᠢᠨ᠎ᠠ ᠪᠠᠷᠭᠤ ᠪᠠᠷᠠᠭᠤᠨ ᠬᠤᠰᠢᠭᠤᠨ ᠤ ᠬᠦᠭᠵᠢᠯᠳᠡ ᠶᠢᠨ ᠶᠠᠰᠤ ᠴᠢᠨᠠᠷ ᠦᠷ᠎ᠡ ᠠᠰᠢᠭ ᠢ ᠬᠦᠢᠴᠡᠳ ᠮᠡᠳᠡᠬᠦᠯᠵᠤ᠂ ᠡᠯ᠎ᠡ ᠵᠦᠢᠯ ᠤᠨ ᠠᠵᠢᠯ ᠢ ᠦᠨᠳᠦᠰᠦᠨ ᠱᠠᠳᠤᠨ ᠳᠤ ᠨᠠᠶᠢᠳᠠᠪᠤᠷᠢᠵᠢᠭᠤᠯᠤᠨ᠎ᠠ ᠭᠡᠵᠠᠢ᠃      ᠪᠦᠬᠡᠪᠠᠶᠠᠷ ᠢᠯᠡᠷᠬᠡᠶᠢᠯᠡᠬᠦ ᠳᠡᠭᠡᠨ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠨᠢᠭᠡᠨᠳᠡ ᠪᠦᠬᠦ ᠲᠠᠯ᠎ᠠ ᠪᠠᠷ ᠡᠬᠢᠯᠡᠯ᠎ᠡ᠂ ᠰᠢᠨ᠎ᠠ ᠪᠠᠷᠭᠤ ᠪᠠᠷᠠᠭᠤᠨ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠰᠢ ᠶᠢᠨ ᠫᠢᠡᠭ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠶᠡᠷᠦᠩᠬᠡᠢ ᠱᠦᠵᠢ ᠰᠢ ᠶᠢᠨ ᠫᠢᠡᠭ ᠤᠨ ︽7.1︾ ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠭ ᠰᠠᠨᠠᠭ᠎ᠠ ᠪᠠᠨ ᠦᠯᠦ ᠮᠠᠷᠳᠠᠨ᠂ ᠵᠠᠯᠠᠭᠤ ᠨᠠᠰᠤ ᠪᠠᠨ ᠬᠦᠰᠡᠷᠳᠡᠭᠦᠯᠬᠦ ᠦᠭᠡᠢ ᠪᠠᠷ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠶᠢᠨ ᠬᠦᠰᠡᠯ ᠵᠡᠬᠦᠳᠦ ᠶᠢ ᠲᠡᠷᠭᠡᠯᠰᠢᠬᠦᠯᠬᠦ ᠰᠢᠨ᠎ᠠ ᠪᠠᠷᠭᠤ ᠪᠠᠷᠠᠭᠤᠨ ᠬᠤᠰᠢᠭᠤᠨ ᠤ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠠᠢ᠃                                                    ᠵᠣᠬᠢᠶᠠᠭᠴᠢ᠄ ᠰᠢᠦᠢ ᠯᠤ᠋
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号