ᠭᠤᠤ ᠷᠦᠨ ᠰᠢ ᠮᠠᠨᠵᠤᠤᠷ ᠬᠤᠲᠠ ᠰᠢᠨ᠎ᠡ ᠪᠠᠷᠭᠤ ᠪᠠᠷᠠᠭᠤᠨ ᠬᠤᠰᠢᠭᠤ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠬᠦᠯᠦᠨ ᠬᠡᠷᠡᠭᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/8/23
       8 ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠷᠦᠨ ᠰᠢ ᠮᠠᠨᠵᠤᠤᠷ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠬᠦᠯᠦᠨ ᠬᠡᠷᠡᠭᠯᠡᠬᠦ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠮᠠ ᠴᠢᠶᠠᠩ᠂ ᠮᠠ ᠶᠤᠸᠠᠢ ᠳ᠋ᠦᠩ ᠵᠢᠴᠢ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤ ᠬᠤᠲᠠ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
       ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠤᠰᠠᠭᠠᠷᠯᠠᠭᠰᠠᠨ ᠵᠢᠵᠢᠭ ᠲᠣᠭᠤᠷᠢᠭ ᠲᠤ ᠬᠦᠷᠴᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠮᠠᠯ ᠵᠠᠮ ᠤᠨ ᠪᠠᠶᠢᠴᠠᠭᠠᠯᠲᠠ ᠶᠢᠨ ᠥᠷᠲᠡᠭᠡ᠂ ᠠᠷᠠᠳ ᠤᠨ ᠡᠮᠨᠡᠯᠭᠡ ᠶᠢᠨ ᠬᠤᠷᠢᠶ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦ᠋ᠭ ᠪᠣᠭᠤᠮᠲᠠ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠸᠠᠺᠼᠢᠨ ᠤ ᠲᠠᠷᠢᠯᠭ᠎ᠠ ᠶᠢᠨ ᠭᠠᠵᠠᠷ ᠵᠡᠷᠭᠡ ᠭᠠᠵᠠᠷ ᠲᠤ ᠬᠦᠷᠴᠦ ᠪᠠᠶᠢᠴᠠᠭᠠᠬᠤ ᠳᠠᠭᠠᠨ ᠭᠤᠤ ᠷᠦᠨ ᠰᠢ᠂ ᠠᠮᠤᠷ ᠲᠦᠪᠰᠢᠨ ᠤ ᠲᠣᠤᠷ ᠢ ᠨᠢᠭᠲᠠ ᠰᠦᠯᠵᠢᠵᠦ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠦᠷᠢᠵᠢᠭᠤᠯᠤᠨ᠂ ᠪᠣᠭᠤᠮᠲᠠ ᠶᠢᠨ ᠬᠥᠮᠦᠨ᠂ ᠪᠣᠳᠠᠰ᠂ ᠣᠷᠴᠢᠨ ᠲᠣᠭᠤᠷᠢᠨ᠂ ᠲᠡᠷᠭᠡ ᠬᠥᠰᠬᠡ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠰᠠᠶᠢᠲᠤᠷ ᠬᠢᠵᠦ᠂ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠦᠷᠢᠯᠠᠨ ᠣᠷᠣᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠦᠢᠳᠡᠨ ᠬᠡᠯᠬᠢᠶᠡᠲᠦ ᠢᠳᠡᠭᠡᠨ᠂ ᠲᠠᠸᠠᠷ᠂ ᠲᠦᠷᠭᠡᠨ ᠬᠦᠷᠭᠡᠬᠦ ᠪᠠᠷᠠᠭᠠᠨ ᠤ ᠬᠦᠢᠯᠭᠡᠭᠡ ᠵᠢᠴᠢ ᠠᠵᠢᠯ ᠡᠷᠭᠢᠯᠡᠭᠰᠡᠳ ᠤᠨ ᠬᠢᠨᠠᠨ ᠬᠡᠮᠵᠢᠬᠦ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭ᠎ᠠ᠂ ᠨᠢᠭᠡᠴᠡ ᠶᠢᠨ ᠬᠠᠷᠢᠭᠤᠴᠠᠯᠭ᠎ᠠ᠂ ᠬᠤᠪᠢ ᠬᠥᠮᠦᠨ ᠤ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠳᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠡᠵᠡᠮᠳᠡᠨ᠂ ᠲᠠᠪᠴᠠᠩ ᠤᠨ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠰᠠᠶᠢᠲᠤᠷ ᠠᠰᠢᠭᠯᠠᠨ᠂ ᠰᠠᠭᠤᠷᠢ ᠲᠥᠬᠦᠭᠡᠷᠦᠮᠵᠢ ᠶᠢ ᠰᠠᠶᠢᠲᠤᠷ ᠲᠡᠭᠦᠯᠳᠡᠷᠵᠢᠭᠦᠯᠵᠦ᠂ ᠭᠤᠣᠯᠯᠠᠬᠤ ᠠᠵᠤ ᠦᠢᠯᠡᠰ ᠢ ᠰᠠᠶᠢᠲᠤᠷ ᠪᠤᠶᠢᠵᠢᠭᠤᠯᠤᠨ᠂ ᠨᠠᠷᠢᠯᠢᠭ ᠬᠠᠮᠢᠶᠠᠷᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠠᠶᠢᠲᠤᠷ ᠰᠢᠯᠢᠳᠡᠭᠵᠢᠬᠦᠯᠦᠨ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠥᠭᠡᠯᠡᠵᠦ᠂ ᠰᠡᠳᠬᠢᠴᠡ ᠪᠠᠨ ᠳᠤᠳᠤᠷᠬᠠᠶᠢᠯᠠᠨ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
       ᠭᠤᠤ ᠷᠦᠨ ᠰᠢ ᠰᠢᠨ᠎ᠡ ᠪᠠᠷᠭᠤ ᠪᠠᠷᠠᠭᠤᠨ ᠬᠤᠰᠢᠭᠤ ᠪᠠ ᠰᠢᠨ᠎ᠡ ᠪᠠᠷᠭᠤ ᠵᠡᠭᠦᠨ ᠬᠤᠰᠢᠭᠤᠨ ᠳᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠵᠢᠭᠠᠬᠤ ᠮᠠᠲ᠋ᠧᠷᠢᠶᠠᠯ ᠪᠠ ᠪᠠᠭᠰᠢ ᠶᠢᠨ ᠬᠦᠴᠦᠨ ᠤ ᠲᠣᠬᠢᠷᠠᠭᠤᠯᠤᠯᠲᠠ ᠵᠢᠴᠢ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠬᠡᠷᠡᠭᠯᠡᠬᠦ ᠠᠵᠢᠯ ᠤᠨ ᠲᠣᠭᠤᠷᠢᠨ ᠳᠤ ᠰᠤᠷᠭᠠᠭᠤᠯᠢ ᠶᠢᠨ ᠠᠵᠢᠯᠲᠠᠨ᠂ ᠪᠠᠭᠰᠢ ᠶᠢᠨ ᠲᠥᠯᠥᠭᠡᠯᠡᠭᠴᠢ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠪᠣᠳᠠᠲᠠᠶ ᠰᠠᠨᠠᠯ ᠰᠠᠨᠠᠭᠤᠯᠭ᠎ᠠ ᠳᠤᠷᠠᠳᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠥᠮᠦᠵᠢᠯ ᠢ ᠭᠦᠨᠵᠡᠭᠡᠢ ᠦᠷᠨᠢᠬᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠳᠡᠯᠭᠡᠷᠡᠭᠦᠯᠦᠨ ᠬᠡᠷᠡᠭᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠭᠡᠵᠦ ᠪᠠᠶᠢᠭ᠎ᠠ ᠦᠶ᠎ᠡ ᠳᠤ᠂ ᠡᠨᠡ ᠬᠦ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠴᠢᠩᠭᠠᠳᠬᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠬᠦᠯᠬᠦ ᠬᠡᠷᠡᠭᠲᠡᠶ᠃ ᠪᠠᠭᠰᠢ ᠨᠠᠷ ᠤᠨ ᠪᠤᠯᠪᠠᠰᠤᠷᠠᠯ᠂ ᠪᠠᠭᠰᠢ ᠨᠠᠷ ᠤᠨ ᠪᠠᠳᠤᠯᠠᠭ᠎ᠠ᠂ ᠬᠤᠯᠪᠣᠭᠠᠯᠠᠵᠤ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠵᠦ᠂ ᠪᠠᠭᠰᠢ ᠨᠠᠷ ᠤᠨ ᠤᠯᠤᠰ ᠲᠦᠷᠦ ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠠᠷᠴᠤ ᠮᠡᠳᠡᠬᠦ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠠᠰᠠᠭᠤᠳᠠᠯ ᠢ ᠦᠨᠡᠨ ᠬᠦ ᠡᠮᠦᠨ᠎ᠡ ᠨᠢ ᠰᠢᠢᠳᠪᠦᠷᠢᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠯᠢᠭ ᠤᠨᠤᠪᠴᠢᠳᠠᠢ ᠪᠦᠭᠡᠳ ᠥᠨᠳᠥᠷ ᠪᠦᠲᠦᠮᠵᠢᠲᠡᠶ ᠰᠠᠶᠢᠲᠤᠷ ᠬᠢᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠣᠭᠲᠠᠭᠤᠨ ᠪᠥᠭᠡᠳ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
       ᠭᠤᠤ ᠷᠦᠨ ᠰᠢ ᠪᠠᠰᠠ ᠥᠪᠥᠷ ᠮᠣᠩᠭᠤᠯ ᠤᠨ ᠢ ᠲᠠᠢ ᠠᠮᠢ ᠠᠬᠤᠶ ᠲᠠᠷᠢᠶᠠᠯᠠᠩ ᠤᠨ ᠦᠢᠯᠡᠰ᠂ ᠤᠰᠤᠨ ᠤ ᠠᠮᠢ ᠠᠬᠤᠶ ᠣᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ᠂ ᠦᠨᠳᠦᠰᠦᠲᠡᠨ ᠤ ᠤᠨᠴᠠᠯᠢᠭᠳᠤ ᠠᠵᠦ ᠦᠢᠯᠡᠰ ᠤᠨ ᠰᠠᠭᠤᠷᠢᠨ ᠭᠠᠵᠠᠷ ᠲᠤ ᠬᠦᠷᠴᠦ ᠠᠵᠤ ᠦᠢᠯᠡᠰ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠣᠳᠠᠲᠠᠶ ᠱᠠᠭᠠᠷᠳᠠᠯᠭ᠎ᠠ ᠳᠤᠷᠠᠳᠪᠠ᠃                      ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号