ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠳᠤ | ᠬᠤᠣᠷᠳᠠᠭᠳᠠᠬᠤ ᠪᠠ ᠢᠳᠡᠭᠡᠨ ᠠᠴᠠ ᠰᠢᠯᠲᠠᠭᠠᠯᠠᠭᠰᠠᠨ ᠪᠤᠰᠤᠳ ᠡᠪᠡᠳᠴᠢᠨ ᠡᠮᠭᠡᠭ ᠡᠭᠦᠰᠬᠦ ᠶᠢ ᠪᠦᠲᠦᠮᠵᠢᠲᠡᠶ | ᠰᠡᠷᠬᠡᠶᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ | ᠪᠣᠯᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠬᠦᠯᠬᠦ ᠦᠢᠯᠡᠳᠬᠡᠯ ᠪᠠ ᠢᠳᠡᠭᠡᠨ ᠤ ᠳᠡᠯᠭᠡᠭᠦᠷᠴᠢᠨ ᠤ | ᠬᠠᠮᠢᠶᠠᠷᠤᠯᠲᠠ ᠶᠢᠨ ᠳᠦᠷᠢᠮ︾ ︽ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ | ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠯᠬᠤᠮ ᠴᠢᠨᠠᠭᠰᠢᠳᠠ ᠴᠢᠩᠭᠠᠳᠬᠠᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠵᠢᠯᠣᠭᠤᠳᠬᠤ ᠰᠠᠨᠠᠯ︾ | ︵ᠢᠳᠡᠭᠡᠨ ᠠᠮᠤᠷ ᠠᠯᠪᠠᠨ ﹇2015﹈ 22 ᠳ᠋ᠤᠭᠠᠷ ᠲᠣᠭᠠᠲᠤ︶᠂ ︽ᠰᠤᠷᠭᠠᠭᠤᠯᠢ ᠶᠢᠨ ᠬᠤᠭᠤᠯᠠᠨ ᠬᠡᠷ ᠵᠡᠷᠭᠡ | ᠢᠳᠡᠭᠡᠨ ᠤᠮᠳᠠᠭᠠᠨ ᠤ ᠦᠢᠯᠡᠴᠢᠯᠡᠬᠡᠨ ᠤ ᠡᠵᠡᠩᠨᠡᠯᠲᠡ ᠶᠢᠨ ᠪᠠᠶᠢᠳᠠᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2016﹈ 47 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ | ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠵᠢᠴᠢ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠳᠤ ᠲᠤᠰ ᠠᠷᠭ᠎ᠠ ᠶᠢ ᠵᠢᠷᠤᠮᠯᠠᠨ᠎ᠠ᠃ | ᠲᠤᠰ ᠠᠷᠭ᠎ᠠ ᠳᠤ ᠬᠡᠯᠡᠵᠦ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠭᠡᠳᠡᠭ ᠨᠢ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠬᠥᠳᠡᠭᠡ ᠶᠢᠨ ᠨᠡᠶᠢᠯᠡᠮᠡᠯ ᠭᠠᠵᠠᠷ ︵ | ᠳᠣᠷᠣᠭᠰᠢ ᠮᠠᠯᠵᠢᠬᠤ ᠲᠠᠷᠢᠶᠠᠯᠠᠬᠤ ᠣᠷᠣᠨ ᠭᠡᠵᠦ ᠨᠡᠷᠡᠶᠢᠳᠦᠨ᠎ᠡ︶ ᠤᠨ ᠣᠯᠠᠨ ᠲᠦᠮᠡᠨ ᠬᠤᠷᠢᠮ ᠪᠡᠯᠪᠡᠰᠦᠷᠡᠯ ᠵᠡᠷᠭᠡ | ᠤᠴᠢᠷ ᠶᠠᠪᠤᠳᠠᠯ ᠠᠴᠠ ᠪᠣᠯᠵᠤ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠤᠭᠰᠠᠨ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠢ ᠠᠴᠠ ᠪᠤᠰᠤᠳ ᠲᠠᠯᠠᠪᠤᠷ ᠲᠤ ᠡᠷᠬᠢᠯᠡᠭᠰᠡᠨ᠂ ᠭᠤᠣᠯᠳᠠᠭᠤ ᠡᠷᠬᠢᠯᠡᠨ ᠭᠦᠢᠴᠡᠳᠬᠡᠭᠴᠢ ᠪᠤᠶᠤ | ᠳᠠᠭᠠᠭᠠᠴᠢᠯᠠᠨ ᠭᠦᠢᠴᠡᠳᠬᠡᠭᠴᠢ ᠠᠴᠠ ᠥᠪᠡᠷ ᠢᠶᠠᠨ ᠵᠣᠬᠢᠶᠠᠨ ᠪᠠᠶᠢᠭᠤᠯᠵᠤ ᠬᠤᠭᠤᠯᠠ ᠪᠠᠵᠠᠭᠠᠵᠤ ᠬᠢᠭᠰᠡᠨ᠂ | ᠬᠤᠭᠤᠯᠠᠯᠠᠬᠤ ᠬᠥᠮᠦᠨ ᠤ ᠲᠤᠭ᠎ᠠ ᠨᠢ 50 ᠬᠥᠮᠦᠨ ᠠᠴᠠ ᠳᠡᠭᠡᠭᠰᠢ ᠡᠯ᠎ᠡ ᠲᠥᠷᠥᠯ ᠤᠨ ᠪᠦᠯᠦᠭᠵᠢᠯ ᠤᠨ ᠴᠢᠨᠠᠷᠲᠠᠶ | ᠴᠤᠭᠯᠠᠷᠠᠨ ᠬᠤᠭᠤᠯᠠᠯᠠᠬᠤ ᠠᠵᠢᠯᠯᠠᠭ᠎ᠠ ︵ᠳᠣᠷᠣᠭᠰᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠭᠡᠵᠦ ᠨᠡᠷᠡᠶᠢᠳᠦᠨ᠎ᠡ︶ ᠶᠢ ᠵᠢᠭᠠᠨ᠎ᠠ᠃ | ᠲᠤᠰ ᠠᠷᠭ᠎ᠠ ᠳᠤ ᠬᠡᠯᠡᠵᠦ ᠪᠠᠶᠢᠭ᠎ᠠ ᠡᠷᠬᠢᠯᠡᠨ ᠭᠦᠢᠴᠡᠳᠬᠡᠭᠴᠢ ᠭᠡᠳᠡᠭ ᠨᠢ ᠬᠤᠷᠢᠮ ᠪᠡᠯᠪᠡᠰᠦᠷᠡᠯ ᠵᠡᠷᠭᠡ | ᠤᠴᠢᠷ ᠶᠠᠪᠤᠳᠠᠯ ᠳᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ | ᠥᠪᠡᠷ ᠲᠡᠭᠡᠨ ᠵᠣᠬᠢᠶᠠᠨ ᠪᠠᠶᠢᠭᠤᠯᠬᠤ ᠪᠤᠶᠤ ᠪᠤᠰᠤᠳ ᠲᠤ ᠨᠠᠶᠢᠳᠠᠵᠤ ᠳᠠᠭᠠᠭᠠᠴᠢᠯᠠᠨ ᠭᠦᠢᠴᠡᠳᠬᠡᠯᠬᠡᠵᠦ ᠪᠠᠶᠢᠭ᠎ᠠ | ᠬᠥᠮᠦᠰ ᠢ ᠵᠢᠭᠠᠵᠤ ᠪᠤᠶ᠃ | ᠲᠤᠰ ᠠᠷᠭ᠎ᠠ ᠳᠤ ᠬᠡᠯᠡᠵᠦ ᠪᠠᠶᠢᠭ᠎ᠠ ᠳᠠᠭᠠᠭᠠᠴᠢᠯᠠᠨ ᠭᠦᠢᠴᠡᠳᠬᠡᠭᠴᠢ ᠭᠡᠳᠡᠭ ᠨᠢ ᠡᠷᠬᠢᠯᠡᠨ ᠭᠦᠢᠴᠡᠳᠬᠡᠭᠴᠢ ᠶᠢᠨ | ᠨᠠᠶᠢᠳᠠᠯᠭ᠎ᠠ ᠶᠢ ᠬᠦᠯᠢᠶᠡᠵᠦ᠂ ᠨᠡᠭᠦᠳᠡᠯ ᠲᠣᠭᠤᠭᠠᠴᠢ ᠵᠡᠷᠭᠡ ᠠᠵᠢᠯ ᠡᠷᠬᠢᠯᠡᠭᠰᠡᠳ ᠢ ᠥᠪᠡᠰᠦᠪᠡᠨ ᠵᠣᠬᠢᠶᠠᠨ | ᠪᠠᠶᠢᠭᠤᠯᠬᠤ ᠪᠤᠶᠤ ᠤᠷᠢᠵᠤ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠠᠵᠢᠯᠯᠠᠭ᠎ᠠ ᠶᠢ ᠳᠠᠭᠠᠭᠠᠴᠢᠯᠠᠨ ᠠᠪᠬᠤ ᠬᠥᠮᠦᠰ ᠢ ᠵᠢᠭᠠᠵᠤ ᠪᠤᠶ᠃ | ᠲᠤᠰ ᠠᠷᠭ᠎ᠠ ᠳᠤ ᠬᠡᠯᠡᠵᠦ ᠪᠠᠶᠢᠭ᠎ᠠ ᠨᠡᠭᠦᠳᠡᠯ ᠲᠣᠭᠤᠭᠠᠴᠢ ᠭᠡᠳᠡᠭ ᠨᠢ ᠬᠤᠭᠤᠯᠠᠨ ᠬᠡᠷᠡᠭᠰᠡᠯ ︵ᠪᠤᠶᠤ | ᠬᠤᠭᠤᠯᠠᠨ ᠬᠡᠷᠡᠭᠰᠡᠯ ᠲᠦᠷᠢᠶᠡᠰᠦᠯᠡᠨ ᠬᠡᠷᠡᠭᠯᠡᠬᠦ︶ ᠲᠠᠢ᠂ ᠲᠣᠭᠲᠠᠮᠠᠯ ᠡᠳ᠋ᠰᠢᠭᠦᠯᠬᠦ ᠲᠠᠯᠠᠪᠤᠷ ᠪᠣᠯᠤᠨ ᠦᠢᠯᠡᠴᠢᠯᠡᠬᠦ | ᠡᠲᠡᠭᠡᠳ ᠥᠭᠡᠢ᠂ ᠡᠰᠡᠬᠦᠯ᠎ᠡ ᠤᠷᠳᠤ ᠬᠤᠭᠤᠴᠠᠭ᠎ᠠ ᠪᠠᠷ ᠢᠳᠡᠭᠡᠨ ᠤᠮᠳᠠᠭᠠᠨ ᠤ ᠬᠥᠳᠡᠯᠮᠦᠷᠢ ᠦᠢᠯᠡᠴᠢᠯᠡᠭᠡ ᠶᠢ | ᠳᠠᠭᠠᠭᠠᠴᠢᠯᠠᠵᠦ᠂ ᠪᠤᠰᠤᠳ ᠲᠤ ᠡᠯ᠎ᠡ ᠲᠥᠷᠥᠯ ᠤᠨ ᠳᠠᠶᠢᠯᠠᠯᠭ᠎ᠠ ᠶᠢᠨ ᠬᠤᠭᠤᠯᠠ ᠬᠢᠵᠦ ᠥᠭᠬᠦ ᠲᠣᠭᠤᠭᠠᠴᠢ ᠪᠠ | ᠬᠠᠮᠲᠤ ᠶᠠᠪᠤᠭ᠎ᠠ ᠲᠤᠭᠤᠭᠠᠨ ᠭᠡᠷ ᠲᠤ ᠬᠠᠪᠰᠤᠷᠬᠤ ᠬᠦᠮᠦᠰ ᠢ ᠵᠢᠭᠠᠵᠤ ᠪᠤᠢ᠃ | | |