ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠬᠤᠶᠠᠷ︶
ᠨᠡᠶᠢᠲᠡᠯᠡᠭᠰᠡᠨ ᠴᠠᠭ᠄
2021/8/23
     ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠳᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠠᠵᠢᠯ ᠤᠨ ᠵᠠᠷᠴᠢᠮ ᠢ ᠪᠠᠷᠢᠮᠲᠠᠯᠠᠨ᠎ᠠ᠃       ᠳᠥᠷᠪᠡᠳᠦᠭᠡᠷ ᠵᠦᠢᠯ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠠᠷᠭ᠎ᠠ ᠶᠢᠨ ᠶᠣᠰᠣᠭᠠᠷ ᠬᠠᠷᠢᠶ᠎ᠠ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠣᠳᠠᠲᠠᠶ ᠲᠣᠭᠲᠠᠭᠠᠯ ᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠵᠠᠷᠤᠳᠠᠯ ᠢ ᠲᠥᠰᠦᠪ ᠲᠤ ᠣᠷᠣᠭᠤᠯᠵᠤ᠂ ᠦᠨᠳᠦᠰᠦᠨ ᠱᠠᠲᠤᠨ ᠤ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠡᠩᠭᠢᠴᠢ ᠶᠢᠨ ᠠᠵᠢᠯ ᠢᠶᠠᠨ ᠥᠷᠨᠢᠭᠦᠯᠬᠦ ᠳᠤ ᠴᠢᠬᠤᠯᠠ ᠪᠦᠬᠦᠢ ᠵᠠᠷᠤᠳᠠᠯ ᠪᠠ ᠨᠥᠬᠦᠴᠡᠯ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠳᠤᠮᠳᠠᠬᠢ ᠮᠡᠳᠡᠭᠡ ᠵᠠᠩᠭᠢ ᠶᠢ ᠴᠤᠭᠯᠠᠭᠤᠯᠬᠤ᠂ ᠪᠠᠶᠢᠳᠠᠯ ᠢ ᠳᠡᠭᠡᠭᠰᠢ ᠮᠡᠳᠡᠭᠦᠯᠬᠦ᠂ ᠲᠤᠬᠠᠶ ᠶᠢᠨ ᠲᠠᠯᠠᠪᠠᠶ ᠳᠤ ᠵᠢᠯᠣᠭᠤᠳᠬᠤ ᠵᠡᠷᠭᠡ ᠲᠠᠯ᠎ᠠ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠭᠠᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠤ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠴᠢ ᠵᠡᠷᠭᠡ ᠪᠠᠷ ᠴᠢᠬᠤᠯᠠ ᠨᠥᠬᠦᠪᠥᠷᠢ ᠪᠣᠯᠭᠠᠭᠰᠠᠨ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠤᠷ ᠰᠦᠯᠵᠢᠶ᠎ᠡ ᠶᠢ ᠢᠳᠡᠪᠬᠢᠲᠡᠶ ᠪᠠᠷ ᠪᠠᠶᠢᠭᠤᠯᠵᠤ᠂ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠶᠡᠷᠦᠩᠬᠡᠶᠢᠯᠡᠨ ᠵᠠᠰᠠᠬᠤ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠲᠣ ᠶᠢᠨ ᠪᠠᠶᠢᠭ᠎ᠠ ᠡᠯ᠎ᠡ ᠵᠦᠢᠯ ᠤᠨ ᠲᠠᠯᠠᠪᠤᠷ ᠢ ᠪᠦᠲᠦᠮᠵᠢᠲᠡᠶ ᠠᠰᠢᠭᠯᠠᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠲᠣᠭᠲᠠᠮᠠᠯ ᠲᠠᠯᠠᠪᠤᠷ ᠲᠤ ᠣᠷᠣᠭᠤᠯᠵᠤ ᠡᠵᠡᠩᠨᠡᠬᠦ ᠶᠢ ᠠᠬᠢᠭᠤᠯᠬᠤ ᠶᠢᠨ ᠬᠠᠮᠲᠤ᠂ ᠡᠵᠡᠩᠨᠡᠯᠲᠡ ᠶᠢᠨ ᠣᠷᠴᠢᠨ ᠲᠣᠭᠤᠷᠢᠨ ᠪᠠ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃      ᠲᠠᠪᠤᠳᠤᠭᠠᠷ ᠵᠦᠢᠯ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠳᠠᠭᠠᠭᠠᠴᠢᠯᠠᠨ ᠭᠦᠢᠴᠡᠳᠬᠡᠭᠴᠢ ᠶᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠤᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠳᠤ ᠳᠠᠭᠠᠭᠠᠴᠢᠯᠠᠨ ᠭᠦᠢᠴᠡᠳᠬᠡᠭᠴᠢ ᠶᠢᠨ ᠳᠡᠩᠰᠡᠯᠡᠨ ᠲᠡᠮᠳᠡᠭᠯᠡᠬᠦ᠂ ᠡᠳ᠋ᠰᠢᠭᠦᠯᠵᠦ ᠦᠢᠯᠡᠳᠬᠦ ᠬᠥᠮᠦᠰ ᠤᠨ ᠪᠡᠶ᠎ᠡ ᠶᠢᠨ ᠪᠠᠶᠢᠴᠠᠭᠠᠯᠲᠠ ᠪᠣᠯᠪᠠᠰᠤᠷᠠᠭᠤᠯᠤᠯ᠂ ᠬᠠᠤᠯᠢ ᠲᠣᠭᠲᠠᠭᠠᠯ ᠶᠣᠰᠣᠭᠠᠷ ᠡᠵᠡᠩᠨᠡᠬᠦ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ᠂ ᠳᠠᠭᠠᠭᠠᠴᠢᠯᠠᠨ ᠭᠦᠢᠴᠡᠳᠬᠡᠭᠴᠢ ᠶᠢ ᠰᠢᠮᠳᠠᠭᠤᠯᠤᠨ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠵᠢ ᠲᠠᠢ ᠪᠠᠷ ᠬᠤᠭᠤᠯᠠᠯᠠᠬᠤ ᠬᠡᠷᠡᠭᠲᠡᠶ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号