ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2021﹈ 13 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/23
     ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠤᠯᠠᠮ ᠴᠢᠨᠠᠭᠰᠢᠳᠠ ᠳᠥᠯᠭᠢᠨ ᠠᠬᠢᠭᠤᠯᠵᠤ᠂ ᠥᠯᠥ ᠬᠠᠯᠳᠠᠭᠠᠬᠤ ᠬᠠᠯᠬᠠᠪᠴᠢ ᠶᠢ ᠪᠠᠬᠢᠵᠢᠭᠦᠯᠬᠦ ᠶᠢᠨ ᠲᠦᠯᠦᠭᠡ᠂ ︽ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠶ ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵ᠬᠦᠯᠦᠨ ᠰᠡᠷᠭᠡᠶᠢᠯᠡᠬᠦ ᠵᠢᠯᠣᠭᠤᠳᠬᠤ ᠥᠰᠥᠭ  ﹇2021﹈ 55 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠬᠤᠯᠪᠣᠭᠳᠠᠯ ᠪᠥᠬᠦᠶ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ 21 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠠᠬᠢ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠰᠣᠶᠣᠯ ᠴᠡᠩᠭᠡᠯ ᠤᠨ ᠲᠠᠯᠠᠪᠤᠷ᠂ ᠵᠣᠴᠢᠳ ᠤᠨ ᠪᠠᠭᠤᠳᠠᠯ ᠠᠷᠢᠬᠢᠨ ᠮᠤᠬᠤᠯᠠᠭ᠂ ᠬᠡᠲᠦ ᠳᠡᠯᠭᠡᠭᠦᠷ ᠬᠤᠳᠠᠯᠳᠤᠭᠠᠨ ᠤ ᠲᠠᠯᠠᠪᠤᠷ᠂ ᠡᠯ᠎ᠡ ᠲᠥᠷᠥᠯ ᠤᠨ ᠠᠵᠢᠯ ᠡᠷᠭᠢᠯᠡᠬᠦ ᠲᠢᠩᠬᠢᠮ᠂ ᠡᠮᠴᠢᠯᠡᠭᠡᠨ ᠤ ᠪᠠᠶᠢᠭᠤᠯᠤᠮᠵᠢ ᠵᠡᠷᠭᠡ ᠭᠠᠵᠠᠷ ᠲᠤ ︽ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ ᠰᠢᠨ᠎ᠡ ᠸᠠᠺᠼᠢᠨ ᠤ ᠲᠠᠷᠢᠯᠭ᠎ᠠ ᠶᠢᠨ ᠭᠡᠷᠡᠴᠢ︾ ︵︽ᠬᠤᠤᠰ ᠺᠣᠳ᠋ ᠨᠢᠭᠡ ᠦᠨᠡᠮᠯᠡᠯ︾︶ ᠶᠢ ᠬᠠᠮᠲᠤᠷᠠᠨ ᠪᠠᠶᠢᠴᠠᠭᠠᠬᠤ ᠠᠵᠢᠯ ᠦᠷᠨᠢᠭᠦᠯᠵᠦ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠳᠡᠭᠡᠷ᠎ᠡ ᠳᠤᠷᠠᠳᠤᠭᠰᠠᠨ ᠲᠠᠯᠠᠪᠤᠷ ᠲᠤ ᠣᠷᠣᠭᠰᠠᠳ ᠲᠤ ᠡᠷᠬᠡᠪᠰᠢ ᠡᠷᠡᠭᠦᠯ ᠮᠡᠨᠳᠦ ᠶᠢᠨ ᠺᠣᠳ᠋ ᠪᠠ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠡᠮᠳᠡᠭᠯᠡᠯ ᠢ ᠪᠠᠶᠢᠴᠠᠭᠠᠨ ᠰᠢᠯᠭᠠᠵᠤ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠥᠬᠡᠶ ᠬᠥᠮᠦᠰ ᠤᠨ ᠮᠡᠳᠡᠭᠡ ᠵᠠᠩᠭᠢ ︵ᠣᠪᠣᠭ ᠨᠡᠷ᠎ᠡ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ︶ ᠶᠢ ᠬᠢᠨᠠᠨ ᠬᠠᠷᠭᠤᠭᠤᠯᠵᠤ ᠳᠠᠩᠰᠠᠯᠠᠨ ᠲᠡᠮᠳᠡᠭᠯᠡᠭᠰᠡᠨ ᠤ ᠳᠠᠷᠠᠭ᠎ᠠ ᠰᠠᠶ᠋ᠢ ᠡᠯ᠎ᠡ ᠲᠥᠷᠥᠯ ᠤᠨ ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠣᠯᠠᠨ ᠨᠡᠶᠢᠲᠡ ᠶᠢᠨ ᠲᠠᠯᠠᠪᠤᠷ ᠲᠤ ᠣᠷᠤᠭᠤᠯᠵᠤ᠂ ᠳᠡᠩᠰᠡᠯᠡᠨ ᠲᠡᠮᠳᠡᠭᠯᠡᠭᠰᠡᠨ ᠦᠷ᠎ᠡ ᠳ᠋ᠦᠩ ᠢᠶᠠᠨ ᠡᠳᠦᠷ ᠪᠦᠷᠢ ᠬᠠᠷᠢᠶ᠎ᠠ ᠰᠤᠮᠤ ᠪᠠᠯᠭᠠᠰᠤᠨ ᠳᠤ ᠬᠠᠷᠢᠭᠤ ᠲᠤᠰᠬᠠᠬᠤ ᠬᠡᠷᠡᠭᠲᠡᠶ᠃      ᠬᠤᠶᠠᠷ᠂ ᠪᠥᠬᠦ ᠬᠤᠰᠢᠭᠤᠨ ᠤ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠷᠭᠢᠯᠡᠭᠰᠡᠨ ᠬᠤᠷᠠᠯ᠂ ᠪᠣᠯᠪᠠᠰᠤᠷᠠᠯ ᠵᠡᠷᠭᠡ ᠳᠤ ᠴᠡᠭᠡᠷᠯᠡᠬᠦ ᠡᠪᠡᠳᠴᠢᠨ ᠥᠬᠡᠶ ᠪᠣᠯᠪᠠᠴᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠥᠬᠡᠶ ᠬᠥᠮᠦᠰ ᠢ ᠵᠠᠷᠴᠢᠮ ᠳᠡᠭᠡᠷ᠎ᠡ ᠪᠠᠨ ᠣᠷᠤᠯᠴᠠᠭᠤᠯᠬᠤ ᠥᠬᠡᠶ᠃ ᠡᠭᠦᠨ ᠤ ᠬᠠᠮᠲᠤ᠂ ᠳᠡᠭᠡᠷ᠎ᠡ ᠳᠤᠷᠠᠳᠤᠭᠰᠠᠨ ᠬᠥᠮᠦᠰ ᠢ ᠵᠠᠷᠴᠢᠮ ᠳᠡᠭᠡᠷ᠎ᠡ ᠪᠠᠨ ᠠᠯᠪᠠᠨ ᠠᠵᠢᠯ ᠢᠶᠠᠷ ᠭᠠᠳᠠᠭᠰᠢ ᠶᠠᠪᠤᠭᠤᠯᠬᠤ ᠦᠭᠡᠢ ᠪᠠ ᠪᠣᠯᠪᠠᠰᠤᠷᠠᠯ ᠳᠤ ᠶᠠᠪᠤᠭᠤᠯᠬᠤ ᠦᠭᠡᠢ᠃      ᠭᠤᠷᠪᠠ᠂ ᠡᠯ᠎ᠡ ᠲᠥᠷᠥᠯ ᠤᠨ ᠠᠯᠪᠠᠨ ᠤ ᠠᠷᠠᠯᠵᠢᠶ᠎ᠠ ᠶᠢᠨ ᠠᠵᠤ ᠠᠬᠤᠶᠢᠯᠠᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠨᠢᠭᠡᠴᠡ ᠶᠢᠨ ᠥᠮᠴᠢᠲᠡᠨ ᠪᠤᠶᠤ ᠡᠵᠡᠩᠨᠡᠨ ᠬᠠᠮᠢᠶᠠᠷᠤᠭᠴᠢ ᠠᠵᠢᠯ ᠡᠷᠭᠢᠯᠡᠭᠰᠡᠳ ᠤᠨ ︽ᠲᠠᠷᠢᠬᠤ ᠶᠣᠰᠣᠲᠠᠶ ᠶᠢ ᠨᠢ ᠴᠥᠮ ᠲᠠᠷᠢᠬᠤ︾ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠭᠤᠯᠬᠤ ᠨᠥᠬᠦᠴᠡᠯ ᠢ ᠬᠠᠩᠭᠠᠭᠰᠠᠨ ᠪᠣᠯᠪᠠᠴᠤ ᠸᠠᠺᠼᠢᠨ ᠤ ᠲᠠᠷᠢᠯᠭ᠎ᠠ ᠬᠢᠭᠰᠡᠨ ᠥᠬᠡᠶ ᠬᠥᠮᠦᠰ ᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠪᠠᠭᠲᠠᠭᠠᠨ ᠣᠷᠣᠭᠤᠯᠤᠨ᠎ᠠ᠃      ᠳᠥᠷᠪᠡ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠴᠠ ᠴᠡᠭᠡᠷᠯᠡᠬᠦ ᠭᠡᠷᠡᠴᠢ ᠭᠠᠷᠭᠠᠬᠤ ᠴᠢᠬᠤᠯᠠᠲᠠᠶ ᠬᠥᠮᠦᠰ ᠪᠡᠶ᠎ᠡ ᠶᠢᠨ ᠦᠨᠡᠮᠯᠡᠯ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠥᠬᠦᠶ ᠣᠨᠣᠰᠢᠯᠠᠨ ᠡᠮᠨᠡᠭᠰᠡᠨ ᠲᠡᠮᠳᠡᠭᠯᠡᠯ᠂ ᠣᠨᠣᠰᠢᠯᠠᠯᠲᠠ ᠶᠢᠨ ᠭᠡᠷᠡᠴᠢ ᠪᠠ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠲᠠᠷᠢᠯᠭ᠎ᠠ ᠬᠢᠬᠦ ᠠᠴᠠ ᠴᠡᠭᠡᠷᠯᠡᠬᠦ ᠭᠡᠷᠡᠴᠢ ᠭᠠᠷᠭᠠᠬᠤ ᠬᠡᠷᠡᠭᠲᠡᠢ᠃ ᠴᠡᠭᠡᠷᠯᠡᠬᠦ ᠭᠡᠷᠡᠴᠢ ᠶᠢ ᠬᠠᠭᠤᠷᠮᠠᠭᠯᠠᠨ ᠵᠣᠬᠢᠶᠠᠭᠰᠠᠨ ᠪᠠ ᠲᠣᠭᠲᠠᠭᠠᠯ ᠠᠴᠠ ᠵᠥᠷᠢᠴᠡᠨ ᠭᠠᠷᠭᠠᠵᠤ ᠥᠭᠭᠦᠭᠰᠡᠨ ᠪᠠᠶᠢᠪᠠᠯ ᠬᠤᠯᠪᠣᠭᠳᠠᠯ ᠪᠥᠬᠦᠶ ᠬᠠᠤᠯᠢ ᠶᠣᠰᠣᠭᠠᠷ ᠲᠤᠬᠠᠶ ᠶᠢᠨ ᠬᠥᠮᠦᠨ ᠵᠢᠴᠢ ᠭᠡᠷᠡᠴᠢ ᠭᠠᠷᠭᠠᠵᠤ ᠥᠭᠭᠦᠭᠰᠡᠨ ᠡᠮᠴᠢ ᠠᠴᠠ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ︵ᠴᠡᠭᠡᠷᠯᠡᠬᠦ ᠡᠪᠡᠳᠴᠢᠨ ᠠᠴᠠ ᠪᠤᠰᠤᠳ︶ ᠢ ᠳᠠᠷᠢᠭᠰᠠᠨ ᠥᠬᠡᠶ ᠠᠴᠠ ᠪᠣᠯᠵᠣ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠷᠡᠭ ᠡᠭᠦᠰᠦᠭᠰᠡᠨ ᠪᠣᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠴᠢᠩᠭᠠᠯᠠᠨ ᠰᠥᠷᠴᠦ ᠪᠠᠶᠢᠴᠠᠭᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃           ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                       2021 ᠤᠨ ᠤ 8 ᠰᠠᠷ᠎ᠠ ᠶᠢᠨ 21 ᠤ ᠡᠳᠦᠷ    
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号