ᠬᠤᠰᠢᠭᠤᠨ ᠤ ᠵᠠᠷᠭᠤ ᠶᠢᠨ ᠪᠤᠰᠤ ᠦᠢᠯᠡᠴᠢᠯᠡᠭᠡᠨ ᠤ ᠲᠥᠪ ᠲᠤᠰᠬᠠᠶ ᠲᠤᠰᠢᠶᠠᠯᠲᠤ ᠡᠶᠡᠳᠡᠭᠦᠯᠦᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠦ ᠪᠤᠢ
ᠨᠡᠶᠢᠲᠡᠯᠡᠭᠰᠡᠨ ᠴᠠᠭ᠄
2021/8/23
       ᠣᠶᠢᠷ᠎ᠠ ᠳᠤ᠂ ᠬᠤᠰᠢᠭᠤᠨ ᠤ ᠵᠠᠷᠭᠤ ᠶᠢᠨ ᠪᠤᠰᠤ ᠦᠢᠯᠡᠴᠢᠯᠡᠭᠡᠨ ᠤ ᠲᠥᠪ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠰᠠᠭᠤᠭ᠎ᠠ ᠲᠤᠰᠬᠠᠶ ᠲᠤᠰᠢᠶᠠᠯᠲᠤ ᠠᠷᠠᠳ ᠤᠨ ᠡᠶᠡᠳᠡᠭᠦᠯᠦᠭᠴᠢ ᠵᠢᠩᠬᠢᠨᠢ ᠪᠠᠷ ᠠᠵᠢᠯ ᠤᠨ ᠪᠠᠶᠢᠷᠢᠨ ᠳᠤ ᠭᠠᠷᠪᠠ᠃ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶ᠎ᠠ ᠪᠤᠯᠤᠨ ᠠᠷᠠᠳ ᠤᠨ ᠰᠢᠭᠦᠬᠦ ᠬᠤᠷᠢᠶᠠᠨ ᠤ ᠬᠠᠷᠢᠭᠤᠴᠠᠯᠭᠠᠳᠠᠨ ᠬᠤᠶᠠᠷ ᠲᠤᠰᠬᠠᠢ ᠡᠶᠡᠳᠡᠭᠦᠯᠦᠭᠴᠢ ᠳᠤ ᠤᠷᠢᠯᠭ᠎ᠠ ᠶᠢᠨ ᠪᠢᠴᠢᠭ ᠣᠯᠭᠤᠵᠤ᠂ ᠵᠠᠭᠠᠯᠳᠤᠯᠭ᠎ᠠ ᠶᠢᠨ ᠢᠷᠡᠯᠳᠡ ᠶᠢᠨ ᠡᠶᠡᠳᠡᠭᠦᠯᠭᠡ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠵᠠᠢ᠃
       ᠬᠠᠤᠯᠢ ᠴᠠᠭᠠᠵᠠ ᠶᠢᠨ ᠳᠤᠪᠴᠢᠶ᠎ᠠ ᠶᠢᠨ ᠬᠠᠷᠢᠭᠤᠴᠠᠯᠭᠠᠲᠠᠨ᠂ ᠠᠷᠠᠳ ᠤᠯᠠᠨ ᠳᠤ ᠦᠢᠯᠡᠴᠢᠯᠡᠬᠦ᠂ ᠠᠷᠠᠳ ᠤᠨ ᠬᠤᠭᠤᠷᠣᠨᠳᠣᠬᠢ ᠵᠥᠷᠢᠴᠡᠯ ᠢ ᠰᠢᠢᠳᠪᠦᠷᠢᠯᠡᠬᠦ ᠲᠠᠯ᠎ᠠ ᠳᠤ ᠵᠠᠷᠭᠤ ᠶᠢᠨ ᠪᠤᠰᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠬᠡᠯᠪᠡᠷᠢ ᠶᠢᠨ ᠢᠳᠡᠪᠬᠢ ᠦᠢᠯᠡᠳᠦᠯ ᠦᠵᠡᠬᠦᠯᠵᠦ᠂ ︽ᠠᠵᠢᠯᠳᠠᠨ ᠢ ᠲᠤᠰᠬᠠᠶᠢᠵᠢᠭᠤᠯᠬᠤ᠂ ᠠᠵᠢᠯ ᠢ ᠲᠤᠰᠬᠠᠶᠢᠵᠢᠭᠤᠯᠬᠤ︾ ᠲᠤᠰᠬᠠᠢ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢ ᠪᠠᠶᠢᠭᠤᠯᠬᠤ ᠪᠠᠷ ᠳᠠᠮᠵᠢᠨ᠂ ᠰᠢᠨ᠎ᠡ ᠴᠠᠭ ᠦᠶ᠎ᠡ ᠶᠢᠨ ᠤᠯᠠᠨ ᠶᠠᠩᠵᠤᠴᠢᠯᠠᠭᠰᠠᠨ᠂ ᠬᠦᠴᠢᠷ ᠲᠦᠪᠡᠭᠲᠡᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠭᠰᠡᠨ ᠪᠠᠶᠢᠨ᠎ᠠ ᠬᠡᠵᠡᠢ᠃ ᠰᠢᠬᠦᠬᠦ ᠬᠤᠷᠢᠶᠠᠨ ᠤ ᠬᠠᠷᠢᠭᠤᠴᠠᠯᠭᠠᠳᠠᠨ᠂ ᠬᠠᠤᠯᠢ ᠴᠠᠭᠠᠵᠠ ᠶᠢᠨ ᠲᠣᠪᠴᠢᠶ᠎ᠠ ᠪᠣᠯᠤᠨ ᠰᠢᠭᠦᠬᠦ ᠬᠤᠷᠢᠶ᠎ᠠ ᠶᠢᠨ ᠵᠣᠬᠢᠴᠠᠯᠳᠤᠨ ᠬᠥᠳᠡᠯᠦᠯᠴᠡᠬᠦ ᠪᠣᠯ ᠵᠠᠷᠭᠤ ᠶᠢᠨ ᠢᠷᠡᠯᠲᠡ ᠶᠢ ᠵᠠᠰᠠᠬᠤ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠱᠠᠭᠠᠷᠳᠠᠯᠭ᠎ᠠ ᠳᠤ ᠨᠡᠶᠢᠴᠡᠵᠦ ᠪᠠᠶᠢᠭ᠎ᠠ ᠶᠠᠪᠤᠳᠠᠯ ᠮᠥᠨ᠂ ᠲᠤᠰᠬᠠᠶ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢᠨ ᠳᠡᠭᠡᠭᠰᠢ ᠵᠠᠭᠠᠯᠳᠤᠭᠰᠠᠨ ᠬᠡᠷᠡᠭ ᠢ ᠪᠦᠲᠦᠮᠵᠢᠲᠡᠶ ᠪᠠᠷ ᠰᠠᠯᠭᠠᠨ ᠳᠤᠬᠢᠷᠠᠭᠤᠯᠵᠦ᠂ ᠣᠯᠠᠨ ᠡᠰᠢᠵᠢᠭᠦᠯᠦᠨ ᠰᠢᠢᠳᠪᠦᠷᠢᠯᠡᠬᠦ ᠪᠠᠷ ᠳᠠᠮᠵᠢᠨ᠂ ᠬᠠᠤᠯᠢ ᠴᠠᠭᠠᠵᠠ ᠶᠢᠨ ᠨᠤᠲᠠᠯᠠᠯᠲᠠ ᠶᠢᠨ ᠲᠦᠷᠢᠮ ᠤᠨ ᠡᠶᠡᠳᠡᠭᠦᠯᠭᠡ ᠶᠢᠨ ᠬᠡᠯᠡᠯᠴᠡᠭᠡᠷ ᠢ ᠪᠠᠬᠢᠵᠢᠭᠦᠯᠬᠦ ᠬᠠᠤᠯᠢ ᠴᠠᠭᠠᠵᠠ ᠶᠢᠨ ᠦᠷ᠎ᠡ ᠪᠦᠲᠦᠮᠵᠢ ᠶᠢ ᠪᠠᠳᠠᠷᠠᠭᠤᠯᠵᠤ᠂ ᠵᠠᠷᠭᠤ ᠶᠢᠨ ᠪᠤᠰᠤ ᠡᠶᠡᠳᠡᠭᠦᠯᠭᠡ ᠪᠣᠯᠤᠨ ᠬᠠᠤᠯᠢ ᠴᠠᠭᠠᠵᠠ ᠶᠢᠨ ᠨᠤᠲᠠᠯᠠᠯᠲᠠ ᠶᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠬᠦᠯᠬᠦ  ᠪᠤᠯᠤᠨ᠎ᠠ ᠬᠡᠵᠡᠢ᠃
       ᠲᠣᠰ ᠤᠳᠠᠭᠠᠨ ᠤ ᠲᠤᠰᠬᠠᠶ ᠲᠤᠰᠢᠶᠠᠯᠲᠤ ᠡᠶᠡᠳᠡᠭᠦᠯᠦᠭᠴᠢ ᠶᠢ ᠰᠣᠩᠭᠤᠨ ᠤᠷᠢᠬᠤ ᠠᠵᠢᠯ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠡᠶᠡᠳᠡᠭᠦᠯᠦᠭᠴᠢ ᠶᠢᠨ ᠡᠩᠨᠡᠭᠡ ᠶᠢ ᠤᠯᠠᠮ ᠴᠢᠨᠠᠭᠰᠢᠳᠠ ᠪᠤᠵᠠᠭᠠᠶᠢᠷᠠᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ᠂ ᠥᠨᠳᠥᠷ ᠪᠦᠲᠦᠮᠵᠢᠲᠡᠶ᠂ ᠲᠦᠷᠭᠡᠨ ᠰᠢᠢᠳᠪᠦᠷᠢᠯᠡᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃                 ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号