ᠬᠤᠰᠢᠭᠤᠨ ᠤ ᠤᠳᠤᠷᠢᠳᠤᠯᠭ᠎ᠠ ᠲᠡᠯᠡᠶ ᠰᠤᠮᠤᠨ ᠳᠤ ᠭᠦᠨᠵᠡᠭᠡᠶᠢᠷᠡᠨ ᠠᠵᠢᠯ ᠵᠢᠯᠤᠭᠤᠳᠪᠠ
ᠨᠡᠶᠢᠲᠡᠯᠡᠭᠰᠡᠨ ᠴᠠᠭ᠄
2021/8/24
       8 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠸᠠᠩ ᠶᠢᠩ ᠬᠤ᠋ ᠲᠡᠯᠡᠶ ᠰᠤᠮᠤᠨ ᠳᠤ ᠬᠦᠨᠵᠡᠭᠡᠶᠢᠷᠡᠨ ᠠᠵᠢᠯ ᠵᠢᠯᠣᠭᠤᠳᠪᠠ᠃
           ᠬᠤᠷᠠᠯ ᠳᠡᠭᠡᠷ᠎ᠡ᠂ ᠲᠡᠯᠡᠶ ᠰᠤᠮᠤ ᠶᠢᠨ ᠬᠠᠷᠢᠭᠤᠴᠠᠯᠭᠠᠲᠠᠨ ᠣᠳᠣᠬᠠᠨ ᠤ ᠠᠵᠢᠯ ᠤᠨ ᠪᠠᠶᠢᠳᠠᠯ ᠤᠨ ᠲᠤᠬᠠᠶ ᠲᠣᠪᠴᠢ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠤ ᠲᠤᠯᠭᠠᠷᠠᠵᠤ ᠪᠠᠶᠢᠭ᠎ᠠ ᠠᠵᠢᠯ ᠤᠨ ᠬᠦᠴᠢᠷᠳᠡᠯ ᠢ ᠳᠤᠷᠠᠳᠴᠦ᠂ ᠮᠦᠨ ᠰᠤᠮᠤᠨ ᠤ ᠣᠳᠣᠬᠢ ᠪᠠᠶᠢᠳᠠᠯ ᠳᠤ ᠴᠢᠭᠯᠡᠭᠦᠯᠦᠨ᠂ ᠬᠤᠰᠢᠭᠤᠨ ᠤ ᠳᠥᠷᠪᠡᠨ ᠱᠠᠲᠤᠨ ᠤ ᠬᠤᠯᠪᠣᠭ᠎ᠠ ᠪᠠᠶᠢᠭᠤᠯᠬᠤ ᠴᠡᠭ ᠤᠨ ᠤᠳᠤᠷᠢᠳᠤᠯᠭ᠎ᠠ ᠳᠤ ᠲᠣᠳᠣᠷᠬᠠᠶ ᠱᠠᠭᠠᠷᠳᠠᠯᠭ᠎ᠠ ᠪᠠ ᠵᠢᠯᠣᠭᠤᠳᠬᠤ ᠴᠢᠨᠠᠷᠲᠠᠶ ᠰᠠᠨᠠᠯ ᠳᠡᠪᠰᠢᠬᠦᠯᠪᠡ᠃
           ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠠᠵᠢᠯ ᠢ ᠬᠦᠴᠦᠯᠡᠨ ᠠᠬᠢᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠵᠤ᠂ ᠰᠤᠮᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠣᠷᠣᠭᠰᠠᠨ ᠢᠶᠠᠨ ᠬᠡᠷᠡᠭᠯᠡᠵᠦ᠂ ᠨᠠᠮ ᠤᠨ ᠭᠡᠰᠢᠬᠦᠳ ᠤᠨ ᠲᠦᠷᠦᠭᠦᠯᠡᠨ ᠵᠢᠱᠢᠶᠡᠴᠢ ᠪᠣᠯᠬᠤ ᠦᠢᠯᠡᠳᠦᠯ ᠢ ᠪᠠᠳᠠᠷᠠᠭᠤᠯᠤᠨ᠂ ︽ᠪᠢ ᠣᠯᠠᠨ ᠲᠦᠮᠡᠨ ᠳᠤ ᠪᠤᠳᠠᠳᠦ ᠠᠵᠢᠯ ᠬᠢᠵᠦ ᠥᠭᠬᠦ︾ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠬᠡᠷᠡᠭᠲᠡᠶ︔ ᠬᠤᠶᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠰᠤᠯᠠᠷᠠᠭᠤᠯᠤᠯ ᠦᠭᠡᠶ ᠠᠳᠬᠤᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠨᠠᠷᠢᠯᠢᠭ ᠣᠶᠢᠯᠠᠭᠠᠵᠤ᠂ ᠣᠯᠠᠨ ᠲᠦᠮᠡᠨ ᠤ ᠳᠠᠷᠢᠬᠤ ᠶᠣᠰᠣᠲᠠᠶ ᠶᠢ ᠨᠢ ᠪᠦᠬᠦᠨ ᠢ ᠳᠠᠷᠢᠬᠤ ᠬᠡᠷᠡᠭᠲᠡᠶ᠃ ᠭᠤᠷᠪᠠ ᠳᠤ᠂ ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠬᠡᠯᠪᠡᠷᠢ ᠪᠠᠷ ᠪᠥᠬᠦ ᠲᠠᠯ᠎ᠠ ᠪᠠᠷ ᠤᠬᠠᠭᠤᠯᠵᠤ᠂ ᠤᠷᠢᠳᠴᠢᠯᠠᠨ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠡᠯᠡᠳᠬᠡᠯ ᠲᠥᠰᠦᠯ ᠢ ᠲᠣᠭᠲᠠᠭᠠᠨ᠂ ᠬᠠᠷᠢᠶᠠᠲᠤ ᠣᠷᠣᠨ ᠤ ᠳᠣᠲᠣᠷᠠᠬᠢ ᠠᠮᠢ ᠠᠬᠤᠶ ᠶᠢᠨ ᠰᠠᠶᠢᠨ ᠰᠠᠶᠢᠬᠠᠨ᠂ ᠣᠯᠠᠨ ᠲᠦᠮᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃                      ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号