ᠵᠢᠷᠭᠤᠳᠤᠭᠠᠷ ᠵᠦᠢᠯ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤ ᠬᠤᠲᠠ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠮᠤ ᠰᠢᠶᠠᠩ | ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠲᠡᠳᠡᠨ ᠤ ᠲᠣᠰ ᠣᠷᠣᠨ ᠪᠦᠰᠡ ᠶᠢᠨ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ᠂ | ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠵᠢᠴᠢ ᠨᠡᠭᠦᠳᠡᠯ ᠲᠣᠭᠤᠭᠠᠴᠢ ᠶᠢᠨ | ᠲᠠᠩᠰᠠ ᠪᠠᠶᠢᠭᠤᠯᠬᠤ ᠪᠠ ᠬᠠᠮᠢᠶᠠᠷᠬᠤ ᠵᠡᠷᠭᠡ ᠠᠵᠢᠯ ᠥᠷᠨᠢᠭᠦᠯᠬᠦ ᠶᠢ ᠵᠢᠯᠣᠭᠤᠳᠴᠤ᠂ ᠢᠳᠡᠭᠡᠨ ᠤ ᠠᠮᠤᠷ | ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠵᠢᠴᠢ ᠨᠡᠭᠦᠳᠡᠯ ᠲᠣᠭᠤᠭᠠᠴᠢ ᠶᠢᠨ ᠢᠳᠡᠭᠡᠨ ᠤ ᠠᠮᠤᠷ | ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ | ᠲᠦᠪᠰᠢᠨ ᠤ ᠰᠢᠮᠳᠠᠭᠤᠯᠤᠨ ᠪᠠᠶᠢᠴᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ | ᠥᠷᠨᠢᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ | ᠪᠦᠷᠢᠳᠬᠡᠨ ᠳᠠᠩᠰᠠᠯᠠᠬᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠵᠢᠴᠢ ᠢᠳᠡᠭᠡᠨ ᠤ ᠠᠮᠤᠷ ᠲᠦᠪᠰᠢᠨ ᠤ | ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠶᠢᠨ ᠠᠵᠢᠯ ᠢᠶᠠᠨ ᠥᠷᠨᠢᠭᠦᠯᠬᠦ ᠶᠢ ᠬᠠᠮᠵᠢᠯᠴᠠᠨ ᠵᠢᠯᠣᠭᠤᠳᠤᠨ᠎ᠠ᠂ | ᠴᠢᠬᠤᠯᠠᠲᠠᠶ ᠦᠶ᠎ᠡ ᠳᠤ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠢ ᠭᠤᠶᠤᠴᠢᠯᠠᠨ ᠲᠤᠬᠠᠶ ᠶᠢᠨ ᠭᠠᠵᠠᠷ ᠲᠤᠨᠢ ᠵᠢᠯᠣᠭᠤᠳᠬᠤ ᠪᠠ ᠬᠢᠨᠠᠯᠲᠠ ᠲᠠᠯᠪᠢᠵᠤ ᠪᠣᠯᠤᠨ᠎ᠠ᠃ | ᠳᠣᠯᠣᠳᠤᠭᠠᠷ ᠵᠦᠢᠯ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠠᠷᠢᠶᠠᠯᠠᠩ ᠮᠠᠯ ᠠᠵᠤ ᠠᠬᠤᠶ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠭᠠᠯ | ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠵᠢᠴᠢ ᠪᠤᠰᠤᠳ ᠬᠠᠤᠯᠢ ᠴᠠᠭᠠᠵᠠ | ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠤᠰ ᠲᠤᠰ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠶᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ | ᠨᠠᠢᠮᠠᠳᠤᠭᠠᠷ ᠵᠦᠢᠯ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠦᠢᠯᠡᠴᠢᠯᠡᠬᠡᠨ ᠤ ᠨᠢᠭᠡᠴᠢ ᠶᠢᠨ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠳᠤ ᠰᠢᠭᠤᠳ ᠦᠢᠯᠡᠴᠢᠯᠡᠭᠡ ᠬᠠᠩᠭᠠᠬᠤ | ᠪᠤᠶᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠳᠠᠭᠠᠭᠠᠴᠢᠯᠠᠨ | ᠭᠦᠢᠴᠡᠳᠬᠡᠭᠴᠢ ᠯᠦᠭᠡ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠬᠠᠮᠲᠤᠷᠠᠨ | ᠡᠵᠡᠩᠨᠡᠬᠦ ᠶᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠠᠵᠢᠯᠯᠠᠭ᠎ᠠ ᠶᠢᠨ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠶᠢᠨ ᠢᠳᠡᠭᠡᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ | ᠶᠢᠰᠦᠳᠦᠭᠡᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠠᠵᠢᠯᠯᠠᠭ᠎ᠠ ᠶᠢᠨ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠲᠡᠳᠡᠨ ᠤ ᠡᠳ᠋ᠰᠢᠭᠦᠯᠦᠭᠰᠡᠨ | ᠢᠳᠡᠭᠡᠨ ᠤ ᠠᠮᠤᠷ ᠲᠦᠪᠰᠢᠨ ᠳᠤ ᠬᠠᠷᠢᠭᠤᠴᠠᠨ᠎ᠠ᠃ | ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠬᠠᠤᠯᠢ ᠴᠠᠭᠠᠵᠠ ᠬᠠᠤᠯᠢ ᠲᠣᠭᠲᠠᠭᠠᠯ᠂ | ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠪᠣᠯᠤᠨ ᠲᠤᠰ ᠠᠷᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ | ᠶᠣᠰᠣᠭᠠᠷ ᠬᠤᠭᠤᠯᠠᠯᠠᠬᠤ ᠠᠵᠢᠯᠯᠠᠭ᠎ᠠ ᠶᠢ ᠡᠷᠬᠢᠯᠡᠵᠦ᠂ ᠢᠳᠡᠭᠡᠨ ᠤ ᠠᠮᠤᠷ ᠲᠦᠪᠰᠢᠨ ᠢ ᠪᠠᠲᠤᠯᠠᠨ᠂ ᠦᠨᠡᠨᠴᠢ | ᠢᠲᠡᠭᠡᠮᠵᠢᠲᠡᠶ ᠪᠠᠷ ᠪᠡᠶ᠎ᠡ ᠪᠠᠨ ᠱᠠᠭᠠᠷᠳᠠᠵᠤ᠂ ᠨᠡᠶᠢᠭᠡᠮ ᠪᠣᠯᠤᠨ ᠣᠯᠠᠨ ᠨᠡᠶᠢᠲᠡ ᠳᠤ ᠬᠠᠷᠢᠭᠤᠴᠠᠨ᠂ ᠨᠡᠶᠢᠭᠡᠮ ᠤᠨ | ᠬᠢᠨᠠᠯᠲᠠ ᠲᠠᠯᠪᠢᠯᠲᠠ ᠶᠢ ᠬᠦᠯᠢᠶᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | | |