ᠬᠤᠶᠠᠳᠤᠭᠠᠷ ᠪᠦᠯᠦᠭ ᠬᠠᠮᠢᠶᠠᠷᠤᠯᠲᠠ ᠶᠢᠨ ᠳᠦᠷᠢᠮ | ᠠᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ | ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠶᠢᠨ ᠬᠤᠭᠤᠷᠣᠨᠳᠣ᠂ ᠳᠠᠭᠠᠭᠠᠴᠢᠯᠠᠨ ᠭᠦᠢᠴᠡᠳᠭᠡᠭᠴᠢ ᠪᠠ | ᠨᠡᠭᠦᠳᠡᠯ ᠲᠣᠭᠤᠭᠠᠴᠢ ᠵᠡᠷᠭᠡ ᠠᠵᠢᠯᠯᠠᠭᠰᠠᠳ ᠤᠨ ᠬᠤᠭᠤᠷᠣᠨᠳᠣ ᠪᠠᠨ ᠬᠤᠭᠤᠯᠠᠯᠠᠬᠤ ᠠᠮᠤᠷ ᠲᠦᠪᠰᠢᠨ ᠤ | ᠬᠠᠷᠢᠭᠤᠴᠠᠯᠭ᠎ᠠ ᠶᠢ ᠦᠨᠡᠨ ᠬᠦ ᠪᠠᠲᠤᠯᠠᠬᠤ ᠵᠡᠷᠭᠡ ᠠᠭᠤᠯᠭ᠎ᠠ ᠪᠦᠬᠦᠢ ︽ᠬᠥᠯᠥᠨ ᠪᠤᠶᠢᠷ ᠬᠤᠲᠠ ᠶᠢᠨ ᠮᠠᠯᠵᠢᠬᠤ | ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠵᠥᠪᠯᠡᠯᠴᠡᠭᠡᠷ ᠤᠨ ᠪᠢᠴᠢᠭ︾ ︵ᠳᠠᠭᠠᠯᠳᠤᠭᠤᠯᠤᠯ 4︶ ᠲᠣᠭᠲᠠᠵᠤ᠂ ᠲᠣᠰ ᠲᠣᠰ ᠤᠨ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠪᠠᠨ ᠲᠣᠳᠣᠷᠬᠠᠶᠢᠯᠠᠨ ᠨᠠᠷᠢᠯᠢᠬᠵᠢᠭᠤᠯᠬᠤ ᠶᠢ ᠵᠣᠷᠢᠭᠵᠢᠭᠤᠯᠤᠨ᠎ᠠ᠃ | ᠠᠷᠪᠠᠨ ᠨᠢᠭᠡᠳᠦᠭᠡᠷ ᠵᠦᠢᠯ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ | ᠤᠬᠠᠮᠰᠠᠷ ᠠᠴᠠ ᠪᠠᠨ ᠬᠠᠮᠲᠤ ᠶᠢᠨ ᠴᠤᠭᠯᠠᠷᠠᠨ ᠬᠤᠭᠤᠯᠠᠯᠠᠬᠤ ᠠᠴᠠ 3 ᠡᠳᠦᠷ ᠤᠨ ᠡᠮᠦᠨ᠎ᠡ ᠲᠤᠬᠠᠢ ᠶᠢᠨ ᠰᠤᠮᠤ | ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠶᠢᠨ | ᠬᠠᠮᠲᠤ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠦᠰᠦᠨᠦᠭᠲᠦ︾ ︵ᠳᠠᠭᠠᠯᠳᠤᠭᠤᠯᠤᠯ 1︶ | ᠶᠢ ᠲᠠᠭᠯᠠᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠭᠤᠤᠯ ᠠᠭᠤᠯᠭ᠎ᠠ ᠳᠤ | ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠡᠷᠬᠢᠯᠡᠨ ᠭᠦᠢᠴᠡᠳᠬᠡᠭᠴᠢ ︵ᠳᠠᠭᠠᠭᠠᠴᠢᠯᠠᠨ ᠭᠦᠢᠴᠡᠳᠬᠡᠭᠴᠢ︶ ᠶᠢᠨ | ᠣᠪᠣᠭ ᠨᠡᠷ᠎ᠡ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ᠂ ᠡᠷᠬᠢᠯᠡᠨ ᠭᠦᠢᠴᠡᠳᠬᠡᠭᠦ ᠤᠴᠢᠷ ᠰᠢᠯᠳᠠᠭᠠᠨ᠂ | ᠡᠷᠬᠢᠯᠡᠨ ᠭᠦᠢᠴᠡᠳᠬᠡᠭᠦ ᠭᠠᠵᠠᠷ᠂ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠡᠳᠦᠷ ᠬᠤᠭᠤᠴᠠᠭ᠎ᠠ᠂ | ᠨᠣᠭᠤᠭ᠎ᠠ ᠵᠠᠭᠤᠰᠢ ᠶᠢᠨ ᠨᠠᠷᠢᠨ ᠳᠠᠩᠰᠠ ︵ᠠᠷᠢᠬᠢ ᠤᠰᠤ ᠪᠠᠭᠲᠠᠨ᠎ᠠ︶᠂ ᠪᠡᠯᠡᠳᠬᠡᠮᠵᠢ ᠲᠥᠬᠦᠭᠡᠷᠦᠮᠵᠢ᠂ | ᠤᠷᠢᠳᠴᠢᠯᠠᠨ ᠵᠢᠱᠢᠭᠰᠡᠨ ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠵᠢᠴᠢ ᠨᠡᠭᠦᠳᠡᠯ | ᠲᠣᠭᠤᠭᠠᠴᠢ ᠶᠢᠨ ᠣᠪᠣᠭ ᠨᠡᠷ᠎ᠡ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠪᠠᠭᠲᠠᠭᠠᠨ᠎ᠠ᠃ | | ᠠᠷᠪᠠᠨ ᠭᠤᠷᠪᠠᠳᠤᠭᠠᠷ ᠵᠦᠢᠯ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ | ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠲᠤ ᠶᠢᠨ ᠴᠤᠭᠯᠠᠷᠠᠨ ᠬᠤᠭᠤᠯᠠᠯᠠᠬᠤ | ᠠᠵᠢᠯᠯᠠᠭ᠎ᠠ ᠶᠢ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠳᠤ ︽ᠬᠥᠯᠥᠨ ᠪᠤᠶᠢᠷ ᠬᠤᠲᠠ ᠶᠢᠨ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ | ᠲᠦᠪᠰᠢᠨ ᠤ ᠲᠦᠭᠰᠢᠭᠦᠷᠢ ᠶᠢ ᠮᠡᠳᠡᠭᠳᠡᠬᠦ ᠪᠢᠴᠢᠭ︾ ︵ᠳᠠᠭᠠᠯᠳᠤᠭᠤᠯᠤᠯ 2︶ ᠢ ᠲᠠᠷᠬᠠᠭᠠᠨ ᠥᠭᠴᠦ᠂ ᠲᠡᠭᠦᠨ ᠢ | ᠰᠢᠮᠳᠠᠭᠤᠯᠤᠨ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 3 | ︶ ᠲᠤ ᠭᠠᠷ ᠤᠨ ᠥᠰᠥᠭ ᠵᠢᠷᠤᠭᠤᠯᠵᠤ᠂ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠶᠢᠨ ᠮᠠᠲ᠋ᠧᠷᠢᠶᠠᠯ ᠢ ︽ᠬᠥᠯᠥᠨ | ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ | ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠬᠤ ᠬᠦᠰᠦᠨᠦᠭᠲᠦ︾ ︵ᠳᠠᠭᠠᠯᠳᠤᠭᠤᠯᠤᠯ 1︶ ᠲᠠᠢ ᠬᠠᠮᠲᠤ ᠳᠤᠨᠢ | ᠲᠠᠩᠰᠠ ᠡᠪᠬᠡᠮᠡᠯ ᠳᠤ ᠣᠷᠣᠭᠤᠯᠤᠨ᠎ᠠ᠃ |