ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠲᠠᠪᠤ︶
ᠨᠡᠶᠢᠲᠡᠯᠡᠭᠰᠡᠨ ᠴᠠᠭ᠄
2021/8/24
    ᠠᠷᠪᠠᠨ ᠳᠥᠷᠪᠡᠳᠦᠭᠡᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠡᠭᠡ ᠪᠠᠭ᠎ᠠ ᠶᠢ ᠦᠨᠳᠦᠰᠦᠯᠡᠨ ᠲᠥᠷᠥᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠦᠨ᠎ᠡ᠃      ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 50 ᠬᠥᠮᠦᠨ ᠠᠴᠠ ᠳᠡᠭᠡᠭᠰᠢ᠂ 100 ᠬᠥᠮᠦᠨ ᠠᠴᠠ ᠳᠣᠷᠣᠭᠰᠢ ᠪᠠᠶᠢᠪᠠᠯ ᠬᠠᠷᠢᠶ᠎ᠠ ᠭᠠᠵᠠᠷ ᠤᠨ ᠭᠠᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠤ ᠵᠥᠪᠯᠡᠯ ᠤᠨ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠴᠢ ᠠᠴᠠ ᠡᠷᠬᠢᠯᠡᠨ ᠭᠦᠢᠴᠡᠳᠬᠡᠭᠴᠢ ᠪᠣᠯᠤᠨ ᠳᠠᠭᠠᠭᠠᠴᠢᠯᠠᠨ ᠭᠦᠢᠴᠡᠳᠬᠡᠭᠴᠢ ᠳᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠠᠩᠬᠠᠷᠬᠤ ᠵᠦᠢᠯ ᠢ ᠮᠡᠳᠡᠭᠳᠡᠬᠦ ᠬᠡᠷᠡᠭᠲᠡᠶ᠃      ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 100 ᠬᠥᠮᠦᠨ ᠠᠴᠠ ᠳᠡᠭᠡᠭᠰᠢ᠂ 200 ᠬᠥᠮᠦᠨ ᠠᠴᠠ ᠳᠣᠷᠣᠭᠰᠢ ᠪᠠᠶᠢᠪᠠᠯ᠂ ᠬᠠᠷᠢᠶ᠎ᠠ ᠭᠠᠵᠠᠷ ᠤᠨ ᠭᠠᠴᠠᠭ᠎ᠠ᠂ ᠲᠣᠰᠬᠤᠨ ︵ᠨᠡᠶᠢᠭᠡᠮ ᠲᠣᠭᠤᠷᠢᠭ︶ ᠤ ᠢᠳᠡᠭᠡᠨ ᠤ ᠠᠮᠤᠷ ᠲᠦᠪᠰᠢᠨ ᠤ ᠮᠡᠳᠡᠭᠡ ᠵᠠᠩᠭᠢᠴᠢ ᠵᠢᠴᠢ ᠰᠤᠮᠤ ᠰᠢᠶᠠᠩ ᠪᠠᠯᠭᠠᠰᠤ ᠶᠢᠨ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ ᠠᠴᠠ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠵᠤ ᠪᠠᠶᠢᠴᠠᠭᠠᠨ ᠵᠢᠯᠤᠭᠤᠳᠤᠨ᠎ᠠ᠃      ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 200 ᠬᠥᠮᠦᠨ ᠠᠴᠠ ᠳᠡᠭᠡᠭᠰᠢ᠂ 300 ᠬᠥᠮᠦᠨ ᠠᠴᠠ ᠳᠣᠷᠣᠭᠰᠢ ᠪᠠᠶᠢᠪᠠᠯ᠂ ᠬᠠᠷᠢᠶ᠎ᠠ ᠭᠠᠵᠠᠷ ᠤᠨ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠢᠨᠠᠯᠲᠠ ᠲᠠᠯᠪᠢᠭᠴᠢ ᠲᠣᠮᠢᠯᠠᠨ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠵᠤ ᠪᠠᠶᠢᠴᠠᠭᠠᠨ ᠵᠢᠯᠤᠭᠤᠳᠤᠨ᠎ᠠ᠃      ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠨ ᠤ ᠲᠤᠭ᠎ᠠ ᠨᠢ 300 ᠠᠴᠠ ᠳᠡᠭᠡᠭᠰᠢ ᠪᠠᠶᠢᠪᠠᠯ᠂ ᠬᠠᠷᠢᠶ᠎ᠠ ᠭᠠᠵᠠᠷ ᠤᠨ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠯᠲᠠ ᠲᠠᠯᠪᠢᠭᠴᠢ ᠲᠣᠮᠢᠯᠠᠵᠤ ᠲᠤᠬᠠᠶ ᠶᠢᠨ ᠭᠠᠵᠠᠷ ᠲᠤᠨᠢ ᠬᠢᠨᠠᠯᠲᠠ ᠲᠠᠯᠪᠢᠵᠤ ᠪᠠᠶᠢᠴᠠᠭᠠᠨ ᠵᠢᠯᠤᠭᠤᠳᠤᠨ᠎ᠠ᠃     ᠠᠷᠪᠠᠨ ᠲᠠᠪᠤᠳᠤᠭᠠᠷ ᠵᠦᠢᠯ ᠡᠷᠭᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠠᠴᠠ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠡᠷᠭᠢᠯᠡᠬᠦ ᠳᠤ ᠳᠤᠤᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄       ︵ᠨᠢᠭᠡ︶ ᠪᠣᠷᠣᠭᠠᠨ ᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ᠂ ᠬᠤᠷᠣᠬᠠᠢ ᠶᠢ ᠰᠡᠷᠭᠡᠶᠢᠯᠡᠬᠦ᠂ ᠢᠯᠠᠭ᠎ᠠ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ᠂ ᠪᠣᠬᠢᠷᠲᠤᠯ ᠢ ᠰᠡᠷᠭᠡᠶᠢᠯᠡᠬᠦ ᠵᠡᠷᠭᠡ ᠲᠥᠬᠦᠭᠡᠷᠦᠮᠵᠢ ᠵᠢᠴᠢ ᠨᠢᠭᠲᠠ ᠪᠢᠲᠡᠭᠦᠮᠵᠢᠯᠡᠭᠰᠡᠨ ᠬᠠᠶᠠᠭᠳᠠᠮᠠᠯ ᠪᠣᠳᠠᠰ ᠤᠨ ᠰᠠᠪᠠ ᠲᠠᠢ ᠪᠠᠶᠢᠬᠤ︔      ︵ᠬᠤᠶᠠᠷ︶ ᠪᠣᠯᠪᠠᠰᠤᠷᠠᠭᠤᠯᠬᠤ ᠭᠡᠵᠦ ᠪᠠᠶᠢᠭ᠎ᠠ ᠢᠳᠡᠭᠡᠨ ᠪᠣᠯᠤᠨ ᠰᠢᠭᠤᠳ ᠢᠳᠡᠬᠦ ᠢᠳᠡᠭᠡᠨ᠂ ᠲᠦᠭᠦᠬᠡᠢ ᠡᠳ᠋ ᠪᠣᠯᠤᠨ ᠪᠦᠲᠦᠭᠡᠭᠳᠡᠬᠦᠨ ᠢ ᠰᠠᠯᠭᠠᠨ ᠬᠠᠳᠠᠭᠠᠯᠠᠵᠤ᠂ ᠢᠳᠡᠭᠡᠨ ᠤ ᠬᠤᠣᠷᠲᠠᠢ ᠪᠣᠳᠠᠰ᠂ ᠴᠡᠪᠡᠷ ᠪᠤᠰᠤ ᠪᠣᠳᠠᠰ ᠲᠠᠢ ᠤᠶᠢᠷᠠᠲᠤᠬᠤ ᠠᠴᠠ ᠵᠠᠶᠢᠯᠠᠰᠬᠢᠭ᠍ᠰᠡᠨ ᠪᠠᠶᠢᠬᠤ︔      ︵ᠭᠤᠷᠪᠠ︶ ᠬᠡᠷᠡᠭᠯᠡᠬᠦ ᠤᠰᠤ ᠨᠢ ᠤᠯᠤᠰ ᠠᠴᠠ ᠲᠣᠭᠲᠠᠭᠠᠭᠰᠠᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ︔      ︵ᠲᠦᠷᠪᠡ︶ ᠢᠳᠡᠭᠡᠨ ᠢ ᠬᠠᠳᠠᠭᠠᠯᠠᠬᠤ᠂ ᠲᠡᠭᠡᠭᠡᠪᠦᠷᠢᠯᠡᠬᠦ ᠪᠠ ᠠᠴᠢᠶᠠᠯᠠᠵᠤ ᠪᠠᠭᠤᠯᠭᠠᠬᠤ ᠰᠡᠪᠡ᠂ ᠪᠠᠭᠠᠵᠢ ᠪᠠ ᠲᠥᠬᠦᠭᠡᠷᠦᠮᠵᠢ ᠨᠢ ᠬᠤᠣᠷ ᠤᠢᠭᠡᠢ᠂ ᠬᠥᠨᠥᠭᠡᠯ ᠤᠢᠭᠡᠢ᠂ ᠠᠷᠢᠭᠤᠨ ᠴᠡᠪᠡᠷ ᠪᠠᠶᠢᠬᠤ︔      ︵ᠲᠠᠪᠤ︶ ᠢᠳᠡᠭᠡᠨ ᠪᠣᠯᠪᠠᠰᠤᠷᠠᠭᠤᠯᠬᠤ ᠳᠤ ᠬᠤᠣᠷ ᠦᠭᠡᠢ᠂ ᠬᠥᠨᠥᠭᠡᠯ ᠦᠭᠡᠢ᠂ ᠠᠷᠢᠭᠤᠨ ᠴᠡᠪᠡᠷ ᠪᠣᠭᠤᠳᠠᠯᠯᠠᠬᠤ ᠮᠠᠲ᠋ᠧᠷᠢᠶᠠᠯ ᠢ ᠬᠡᠷᠡᠭᠯᠡᠭᠰᠡᠨ ᠪᠠᠶᠢᠬᠤ︔      ︵ᠵᠢᠷᠭᠤᠭ᠎ᠠ︶ ᠢᠳᠡᠭᠡᠨ ᠬᠤᠳᠠᠯᠳᠤᠨ ᠠᠪᠤᠭᠰᠠᠨ ᠫᠢᠶᠣᠣ ᠪᠠᠷᠢᠮᠲᠠ ᠶᠢᠨ ᠦᠯᠡᠳᠡᠭᠡᠬᠦ ᠬᠤᠭᠤᠴᠠᠭ᠎ᠠ ᠨᠢ ᠨᠢᠭᠡ ᠵᠢᠯ ᠠᠴᠠ ᠳᠤᠲᠠᠭᠤ ᠪᠠᠶᠢᠵᠤ ᠪᠣᠯᠬᠤ ᠦᠭᠡᠶ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号