ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠵᠢᠷᠭᠤᠭ᠎ᠠ︶
ᠨᠡᠶᠢᠲᠡᠯᠡᠭᠰᠡᠨ ᠴᠠᠭ᠄
2021/8/25
     ᠠᠷᠪᠠᠨ ᠵᠢᠷᠭᠤᠳᠤᠭᠠᠷ ᠵᠦᠢᠯ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠢᠳᠡᠭᠡᠨ ᠡᠳ᠋ᠰᠢᠬᠦᠯᠬᠦ ᠶᠠᠪᠤᠴᠠ ᠳᠤ ᠲᠤᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠠᠴᠠ ᠭᠠᠳᠠᠨ᠎ᠠ᠂ ᠪᠠᠰᠠ ᠳᠣᠣᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄      ︵ᠨᠢᠭᠡ︶ ᠢᠳᠡᠭᠡᠨ ᠤ ᠠᠷᠢᠭᠤᠨ ᠴᠡᠪᠡᠷ ᠤᠨ ᠨᠥᠬᠦᠴᠡᠯ ᠳᠤ ᠨᠡᠶᠢᠴᠡᠭᠰᠡᠨ ᠢᠳᠡᠭᠡᠨ ᠤ ᠮᠤᠬᠤᠯᠠᠭ᠂ ᠫᠧᠩ᠂ ᠲᠡᠷᠭᠡ᠂ ᠲᠠᠪᠴᠠᠩ ᠵᠡᠷᠭᠡ ᠲᠥᠬᠦᠭᠡᠷᠦᠮᠵᠢ ᠲᠠᠢ ᠪᠠᠶᠢᠬᠤ︔      ︵ᠬᠤᠶᠠᠷ︶ ᠢᠳᠡᠭᠡᠨ ᠲᠠᠢ ᠤᠶᠢᠷᠠᠲᠤᠬᠤ ᠪᠠᠭᠠᠵᠢ ᠬᠡᠷᠡᠭᠰᠡᠯ᠂ ᠠᠵᠢᠯᠯᠠᠬᠤ ᠲᠠᠪᠴᠠᠩ ᠵᠢᠴᠢ ᠪᠠᠷᠠᠭᠠᠨ ᠤ ᠲᠠᠯᠪᠢᠭᠤᠷ᠂ ᠬᠤᠷᠭᠤ ᠨᠢ ᠢᠳᠡᠭᠡᠨ ᠤ ᠠᠷᠢᠭᠤᠨ ᠴᠡᠪᠡᠷ ᠤᠨ ᠨᠥᠬᠦᠴᠡᠯ ᠳᠤ ᠨᠡᠶᠢᠴᠡᠭᠰᠡᠨ ᠪᠠᠶᠢᠬᠤ︔      ︵ᠭᠤᠷᠪᠠ︶ ᠬᠡᠷᠡᠭᠯᠡᠭᠰᠡᠨ ᠬᠤᠭᠤᠯᠠᠨ ᠤ ᠰᠠᠪᠠ ᠬᠡᠷᠡᠭᠰᠡᠯ ᠢ ᠲᠦᠢᠯᠪᠤᠷᠢᠲᠠᠶ ᠤᠬᠢᠶᠠᠵᠤ᠂ ᠠᠷᠢᠭᠤᠳᠬᠠᠭᠰᠠᠨ ᠪᠠᠶᠢᠬᠤ︔      ︵ᠲᠦᠷᠪᠡ︶ ᠬᠡᠷᠡᠭᠯᠡᠬᠦ ᠤᠬᠢᠶᠠᠭᠴᠢ ᠡᠳ᠋᠂ ᠠᠷᠢᠭᠤᠳᠬᠠᠭᠴᠢ ᠡᠳ᠋ ᠨᠢ ᠬᠥᠮᠦᠨ ᠤ ᠪᠡᠶ᠎ᠡ ᠳᠤ ᠠᠮᠤᠷ ᠲᠦᠪᠰᠢᠨ᠂ ᠬᠤᠣᠷ ᠬᠥᠨᠥᠭᠡᠯ ᠦᠭᠡᠢ ᠪᠠᠶᠢᠵᠤ᠂ ᠬᠤᠷᠣᠬᠠᠢ ᠠᠯᠠᠬᠤ ᠡᠳ᠋᠂ ᠬᠤᠯᠤᠭᠠᠨ᠎ᠠ ᠠᠯᠠᠬᠤ ᠡᠳ᠋ ᠵᠡᠷᠭᠡ ᠶᠢ ᠲᠣᠬᠢᠲᠠᠢ ᠬᠠᠳᠠᠭᠠᠯᠠᠨ ᠬᠠᠮᠢᠶᠠᠷᠴᠤ᠂ ᠢᠳᠡᠭᠡᠨ ᠤ ᠡᠵᠡᠩᠨᠡᠯᠲᠡ ᠶᠢᠨ ᠲᠤᠬᠠᠢ ᠶᠢᠨ ᠲᠠᠯᠠᠪᠤᠷ ᠲᠤ ᠬᠠᠳᠠᠭᠠᠯᠠᠨ ᠲᠠᠯᠪᠢᠵᠤ ᠪᠣᠯᠬᠤ ᠦᠭᠡᠢ︔      ︵ᠲᠠᠪᠤ︶ ᠨᠡᠭᠦᠳᠡᠯ ᠲᠣᠭᠤᠭᠠᠴᠢ ᠵᠡᠷᠭᠡ ᠢᠳᠡᠭᠡᠨ ᠤ ᠠᠵᠢᠯᠯᠠᠭᠴᠢᠳ ᠠᠷᠢᠭᠤᠨ ᠴᠡᠪᠡᠷ ᠠᠵᠢᠯ ᠤᠨ ᠬᠤᠪᠴᠠᠰᠤ ᠮᠠᠯᠠᠭᠠᠢ ᠡᠮᠦᠰᠴᠦ᠂ ᠠᠮᠠᠪᠴᠢ ᠵᠡᠭᠦᠵᠦ᠂ ᠬᠤᠪᠢ ᠬᠥᠮᠦᠨ ᠤ ᠡᠷᠡᠭᠦᠯ ᠬᠠᠮᠠᠭᠠᠯᠠᠯ ᠢ ᠪᠠᠲᠤᠯᠠᠭᠰᠠᠨ ᠪᠠᠶᠢᠬᠤ᠃      ︵ᠵᠢᠷᠭᠤᠭ᠎ᠠ︶ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠳᠤ ᠳᠣᠣᠷᠠᠬᠢ ᠮᠡᠲᠦ ᠦᠢᠯᠡ ᠠᠵᠢᠯᠯᠠᠭ᠎ᠠ ᠲᠠᠢ ᠪᠠᠶᠢᠬᠤ ᠶᠢ ᠴᠢᠩᠭ᠎ᠠ ᠬᠤᠷᠢᠭᠯᠠᠨ᠎ᠠ᠄      1. ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠦᠢᠯᠡᠳᠴᠦ ᠡᠵᠡᠩᠨᠡᠬᠦ︔      2. ᠲᠤᠬᠠᠶ ᠶᠢᠨ ᠭᠠᠵᠠᠷ ᠲᠤᠨᠢ ᠬᠦᠢᠲᠡᠨ ᠮᠢᠬᠠᠨ ᠢᠳᠡᠭᠡᠨ ᠬᠢᠬᠦ︔      3. ᠪᠠᠶᠢᠭᠠᠯᠢ ᠶᠢᠨ ᠬᠤᠤᠷᠲᠤ ᠪᠦᠷᠢᠯᠳᠦᠬᠦᠨ ᠲᠠᠢ ᠤᠷᠭᠤᠮᠠᠯ᠂ ᠠᠮᠢᠲᠠᠨ ᠢᠶᠠᠷ ᠢᠳᠡᠭᠡᠨ ᠬᠢᠬᠦ︔      4. ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠪᠠ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠵᠦ ᠢᠳᠡᠭᠡᠨ ᠬᠢᠬᠦ︔      5. ᠢᠳᠡᠭᠡᠨ ᠤ ᠨᠡᠮᠡᠯᠲᠡ ᠡᠳ᠋ ᠠᠴᠠ ᠭᠠᠳᠠᠨᠠᠬᠢ ᠬᠢᠮᠢ ᠶᠢᠨ ᠪᠣᠳᠠᠰ ᠢᠶᠠᠷ ᠢᠳᠡᠭᠡᠨ ᠬᠢᠬᠦ᠃      ᠠᠷᠪᠠᠨ ᠳᠣᠯᠣᠳᠤᠭᠠᠷ ᠵᠦᠢᠯ ᠨᠡᠭᠦᠳᠡᠯ ᠲᠣᠭᠤᠭᠠᠴᠢ ᠵᠡᠷᠭᠡ ᠰᠢᠭᠤᠳ ᠢᠳᠡᠬᠦ ᠢᠳᠡᠭᠡᠨ ᠲᠠᠢ ᠤᠶᠢᠷᠠᠲᠤᠬᠤ ᠠᠵᠢᠯ ᠡᠷᠬᠢᠯᠡᠵᠦ ᠪᠠᠶᠢᠭ᠎ᠠ ᠬᠥᠮᠦᠰ ᠵᠢᠯ ᠪᠦᠷᠢ ᠨᠢᠭᠡ ᠤᠳᠠᠭ᠎ᠠ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠬᠡᠷᠡᠭᠲᠡᠶ᠂ ᠾᠤᠯᠧᠷᠠ᠂ ᠪᠠᠺᠲ᠋ᠧᠷᠢ ᠶᠢᠨ ᠪᠣᠯᠤᠨ ᠠᠮᠶᠣᠪ ᠴᠢᠨᠠᠷᠲᠠᠶ ᠶᠣᠯᠬᠤᠳᠠᠰᠤ᠂ ᠭᠡᠳᠡᠰᠦᠨ ᠬᠢᠵᠢᠭ ᠪᠣᠯᠤᠨ ᠢᠵᠢᠯ ᠭᠡᠳᠡᠰᠦᠨ ᠬᠢᠵᠢᠭ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ︵ᠬᠥᠬᠡ ᠬᠡᠯᠪᠡᠷᠢ᠂ ᠰᠢᠷ᠎ᠠ ᠬᠡᠯᠪᠡᠷᠢ︶᠂ ᠬᠦᠳᠡᠯᠦᠩᠭᠦᠢ ᠴᠢᠨᠠᠷᠲᠠᠶ ᠠᠭᠤᠰᠬᠢᠨ ᠰᠦᠷᠢᠶ᠎ᠡ᠂ ᠢᠳᠡᠭᠡᠯᠡᠬᠦ ᠴᠢᠨᠠᠷᠲᠠᠶ ᠪᠤᠶᠤ ᠨᠡᠪᠴᠢᠬᠦ ᠴᠢᠨᠠᠷᠲᠠᠶ ᠠᠷᠠᠰᠤᠨ ᠤ ᠡᠪᠡᠳᠴᠢᠨ ᠵᠡᠷᠭᠡ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠢᠳᠡᠭᠡᠨ ᠤ ᠠᠮᠤᠷ ᠲᠦᠪᠰᠢᠨ ᠢ ᠬᠠᠷᠰᠢᠯᠠᠬᠤ ᠡᠪᠡᠳᠴᠢᠨ ᠲᠠᠢ ᠬᠥᠮᠦᠰ ᠰᠢᠭᠤᠳ ᠢᠳᠡᠬᠦ ᠢᠳᠡᠭᠡᠨ ᠲᠠᠢ ᠤᠶᠢᠷᠠᠲᠤᠬᠤ ᠠᠵᠢᠯ ᠬᠢᠵᠦ ᠪᠣᠯᠬᠤ ᠦᠭᠡᠶ᠃      ᠠᠷᠪᠠᠨ ᠨᠠᠢᠮᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢ ᠳᠠᠭᠠᠭᠠᠴᠢᠯᠠᠨ ᠭᠦᠢᠴᠡᠳᠬᠡᠭᠴᠢ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠵᠢᠴᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠤᠨ ᠠᠭᠤᠯᠭ᠎ᠠ ᠶᠣᠰᠣᠭᠠᠷ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠳᠠᠭᠠᠭᠠᠴᠢᠯᠠᠨ ᠭᠦᠢᠴᠡᠳᠬᠡᠵᠦ᠂ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠦᠯᠦᠰᠦᠯᠡᠨ ᠬᠡᠷᠡᠭᠯᠡᠭᠰᠡᠨ ᠠᠵᠢᠯᠲᠠᠨ ᠤ ᠪᠠᠨ ᠡᠷᠡᠭᠦᠯ ᠮᠡᠨᠳᠦ ᠶᠢᠨ ᠪᠠᠶᠢᠴᠠᠭᠠᠯᠲᠠ ᠪᠠ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠤᠨ ᠪᠠᠶᠢᠳᠠᠯ ᠢ ᠴᠠᠭ ᠲᠤᠬᠠᠶ ᠳᠤᠨᠢ ᠮᠡᠳᠡᠬᠦᠯᠵᠦ᠂ ᠠᠵᠢᠯᠯᠠᠭᠰᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠡᠷᠡᠭᠦᠯ ᠮᠡᠨᠳᠦ ᠶᠢᠨ ᠪᠠᠶᠢᠴᠠᠭᠠᠯᠲᠠ ᠪᠣᠯᠤᠨ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠬᠢᠯᠭᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠥᠮᠦᠰ᠂ ᠢᠳᠡᠭᠡᠨ ᠤ ᠠᠮᠤᠷ ᠲᠦᠪᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠶᠢᠨ ᠵᠢᠯᠣᠭᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ ᠢᠳᠡᠪᠬᠢᠳᠡᠢ ᠬᠠᠮᠵᠢᠯᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠂ ᠢᠳᠡᠭᠡᠨ ᠤ ᠠᠮᠤᠷ ᠲᠦᠰᠢᠨ ᠤ ᠬᠠᠪᠰᠤᠷᠤᠨ ᠬᠠᠮᠢᠶᠠᠷᠤᠭᠴᠢ᠂ ᠮᠡᠳᠡᠭᠡ ᠵᠠᠩᠭᠢᠴᠢ ᠶᠢᠨ ᠵᠢᠯᠣᠭᠤᠳᠬᠤ ᠰᠠᠨᠠᠯ ᠢ ᠦᠨᠡᠨ ᠬᠦ ᠨᠠᠶᠢᠳᠠᠪᠤᠷᠢᠵᠢᠭᠤᠯᠵᠤ᠂ ᠬᠠᠮᠲᠤ ᠶᠢᠨ ᠴᠤᠭᠯᠠᠷᠠᠨ ᠬᠤᠭᠤᠯᠠᠯᠠᠬᠤ ᠲᠣᠪᠶᠤᠭ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠬᠤ ᠶᠢᠨ ᠬᠠᠮᠳᠤ ᠢᠳᠡᠭᠡᠨ ᠤ ᠶᠠᠩᠵᠤ ᠦᠯᠡᠳᠡᠭᠡᠬᠦ ᠠᠵᠢᠯ ᠢ ᠰᠠᠶᠢᠲᠤᠷ ᠬᠢᠨ᠎ᠡ᠃      ᠡᠷᠬᠢᠯᠡᠨ ᠭᠦᠢᠴᠡᠳᠬᠡᠭᠴᠢ ᠨᠢ ᠳᠠᠭᠠᠭᠠᠴᠢᠯᠠᠨ ᠭᠦᠢᠴᠡᠳᠬᠡᠭᠴᠢ ᠶᠢᠨ ᠢᠳᠡᠭᠡᠨ ᠤ ᠠᠮᠤᠷ ᠲᠦᠪᠰᠢᠨ ᠤ ᠪᠠᠶᠢᠳᠠᠯ᠂ ᠠᠰᠠᠭᠤᠳᠠᠯ ᠪᠣᠯᠤᠨ ᠭᠡᠮ ᠰᠤᠭᠤᠭ ᠲᠤ ᠥᠪᠡᠷ ᠲᠡᠭᠡᠨ ᠪᠠᠶᠢᠴᠠᠭᠠᠯᠲᠠ ᠬᠢᠵᠦ᠂ ᠬᠠᠯᠠᠨ ᠰᠠᠶᠢᠵᠢᠷᠠᠭᠤᠯᠬᠤ ᠰᠠᠨᠠᠯ ᠪᠤᠶᠤ ᠰᠠᠨᠠᠭᠤᠯᠭ᠎ᠠ ᠳᠤᠷᠠᠳᠬᠤ ᠶᠢᠨ ᠬᠠᠮᠲᠤ ᠳᠠᠭᠠᠭᠠᠴᠢᠯᠠᠨ ᠭᠦᠢᠴᠡᠳᠭᠡᠭᠴᠢ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠬᠠᠯᠠᠨ ᠰᠠᠶᠢᠵᠢᠷᠠᠭᠤᠯᠬᠤ ᠬᠡᠷᠡᠭᠲᠡᠶ᠃      ᠡᠷᠬᠢᠯᠡᠨ ᠭᠦᠢᠴᠡᠳᠬᠡᠭᠴᠢ ᠶᠢᠨ ᠵᠣᠭᠤᠰ ᠮᠦᠷᠦ᠋ᠢᠴᠡᠬᠦ ᠵᠡᠷᠭᠡ ᠶᠠᠮᠠᠷᠪᠠ ᠬᠡᠯᠪᠡᠷᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠬᠤ ᠶᠢ ᠴᠢᠩᠭ᠎ᠠ ᠬᠤᠷᠢᠭᠯᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号