ᠠᠷᠪᠠ ᠶᠢᠰᠦᠳᠦᠭᠡᠷ ᠵᠦᠢᠯ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠵᠤ ᠵᠢᠯᠣᠭᠤᠳᠬᠤ ᠶᠢ ᠬᠠᠷᠢᠭᠤᠴᠠᠨ᠎ᠠ᠃ | ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠳᠤ ᠬᠡᠷᠡᠭᠯᠡᠬᠦ ᠮᠠᠲ᠋ᠧᠷᠢᠶᠠᠯ ᠢ ᠬᠤᠳᠠᠯᠳᠤᠨ ᠠᠪᠬᠤ᠂ | ᠬᠠᠳᠠᠭᠠᠯᠠᠬᠤ᠂ ᠡᠳ᠋ᠰᠢᠭᠦᠯᠬᠦ ᠵᠢᠴᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠡᠳ᠋ᠰᠢᠭᠦᠯᠬᠦ ᠪᠡᠯᠡᠳᠬᠡᠮᠵᠢ᠂ | ᠲᠣᠭᠤᠭᠠᠴᠢ ᠪᠠ ᠲᠣᠭᠤᠭᠠᠴᠢ ᠶᠢᠨ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠲᠤᠬᠠᠶ ᠶᠢᠨ ᠲᠠᠯᠠᠪᠠᠶ ᠳᠤ ᠪᠠᠶᠢᠴᠠᠭᠠᠵᠤ᠂ | ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠶᠢᠨ ᠭᠤᠤᠯᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 6︶ ᠶᠢ | ᠲᠠᠭᠯᠠᠵᠤ᠂ ᠣᠷᠣᠰᠢᠵᠤ ᠪᠠᠶᠢᠭ᠎ᠠ ᠢᠳᠡᠭᠡᠨ ᠤ ᠠᠮᠤᠷ ᠲᠦᠪᠰᠢᠨ ᠤ ᠬᠡᠮ ᠰᠣᠭᠤᠭ ᠲᠤ ᠴᠡᠭᠴᠡᠯᠡᠨ ᠰᠠᠶᠢᠵᠢᠷᠠᠭᠤᠯᠬᠤ | ᠰᠠᠨᠠᠯ ᠳᠤᠷᠠᠳᠬᠤ ᠶᠢᠨ ᠬᠠᠮᠲᠤ᠂ ᠰᠢᠮᠳᠠᠭᠤᠯᠤᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠬᠤᠷᠢᠳᠤᠭᠠᠷ ᠵᠦᠢᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠴᠤᠭᠯᠠᠷᠠᠨ ᠬᠤᠭᠤᠯᠠᠯᠠᠬᠤ ᠶᠢ ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠨᠢ ᠠᠵᠢᠯ | ᠡᠷᠭᠢᠯᠡᠭᠰᠡᠳ ᠪᠠ ᠬᠠᠮᠲᠤ ᠶᠢᠨ ᠴᠤᠭᠯᠠᠷᠠᠨ ᠬᠤᠭᠤᠯᠠᠯᠠᠬᠤ ᠳᠤ ᠣᠷᠣᠯᠴᠠᠭᠰᠠᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠠᠮᠲᠤ ᠶᠢᠨ ᠴᠤᠭᠯᠠᠷᠠᠨ ᠬᠤᠭᠤᠯᠠᠯᠠᠬᠤ ᠳᠤ 200 ᠭᠠᠷᠤᠶ | ᠬᠥᠮᠦᠨ ᠣᠷᠣᠯᠴᠠᠭᠰᠠᠨ ᠪᠠᠶᠢᠪᠠᠯ᠂ ᠡᠷᠬᠢᠯᠡᠨ ᠭᠦᠢᠴᠡᠳᠬᠡᠭᠴᠢ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠠ ᠠᠵᠢᠯ ᠤᠨ ᠲᠥᠰᠦᠯ | ᠲᠣᠭᠲᠠᠭᠠᠵᠤ᠂ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ ᠰᠠᠶ᠋ᠢ ᠡᠷᠭᠢᠯᠡᠵᠦ ᠪᠣᠯᠤᠨ᠎ᠠ᠃ ᠠᠵᠢᠯᠯᠠᠵᠤ ᠪᠠᠶᠢᠭ᠎ᠠ ᠬᠥᠮᠦᠰ ᠤᠨ ᠬᠠᠯᠠᠭᠤᠷᠠᠵᠤ ᠬᠠᠨᠢᠶᠠᠭᠰᠠᠨ ᠵᠡᠷᠭᠡ | ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ | ᠵᠢᠭᠤᠯᠴᠢᠯᠠᠭᠰᠠᠨ ᠲᠡᠦᠬᠡ ᠲᠠᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ᠂ | ᠰᠡᠵᠢᠭᠯᠡᠯᠲᠡᠶ ᠡᠪᠡᠳᠴᠢᠲᠡᠨ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠲᠠᠢ ᠨᠢᠭᠲᠠ ᠤᠶᠢᠷᠠᠳᠤᠭᠰᠠᠨ | ᠪᠠᠶᠢᠪᠠᠯ᠂ ᠠᠶᠤᠯ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠴᠥᠮ ᠠᠵᠢᠯ ᠤᠨ ᠪᠠᠶᠢᠷᠢ ᠳᠤ ᠭᠠᠷᠴᠤ ᠪᠣᠯᠬᠤ ᠥᠬᠡᠶ᠃ | ᠠᠵᠢᠯᠯᠠᠵᠤ ᠪᠠᠶᠢᠭ᠎ᠠ ᠬᠥᠮᠦᠰ ᠦᠢᠯᠡᠴᠢᠯᠡᠭᠡ ᠬᠠᠩᠭᠠᠬᠤ ᠪᠥᠬᠦ ᠶᠠᠪᠤᠴᠠ ᠳᠠᠭᠠᠨ ᠨᠢᠭᠡ ᠯᠡ ᠤᠳᠠᠭ᠎ᠠ ᠬᠡᠷᠡᠭᠯᠡᠬᠦ | ᠡᠮᠴᠢᠯᠡᠭᠡᠨ ᠳᠤ ᠬᠡᠷᠡᠭᠯᠡᠬᠦ ᠠᠮᠠᠪᠴᠢ ᠪᠤᠶᠤ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠶᠢ ᠵᠡᠭᠦᠵᠦ᠂ | ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠪᠠᠨ ᠴᠠᠭ ᠲᠤᠬᠠᠶ ᠳᠤᠨᠢ ᠰᠣᠯᠢᠬᠤ ᠬᠡᠷᠡᠭᠲᠡᠶ᠃ ᠬᠠᠮᠲᠤ ᠶᠢᠨ ᠴᠤᠭᠯᠠᠷᠠᠨ | ᠬᠤᠭᠤᠯᠠᠯᠠᠬᠤ ᠳᠤ ᠣᠷᠣᠯᠴᠠᠭᠰᠠᠳ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ | ᠢᠯᠡᠷᠡᠯ ᠲᠠᠢ ᠪᠤᠶᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠬᠦ ᠳᠤ ᠴᠥᠮ | ᠬᠠᠮᠲᠤ ᠶᠢᠨ ᠴᠤᠭᠯᠠᠷᠠᠨ ᠬᠤᠭᠤᠯᠠᠯᠠᠬᠤ ᠳᠤ ᠣᠷᠣᠯᠴᠠᠬᠤ ᠶᠢ ᠬᠤᠷᠢᠭᠯᠠᠨ᠎ᠠ᠃ |