ᠭᠤᠷᠪᠠᠳᠤᠭᠠᠷ ᠪᠦᠯᠦᠭ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠬᠤᠷᠢᠨ ᠨᠢᠭᠡᠳᠦᠭᠡᠷ ᠵᠦᠢᠯ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠢᠳᠡᠭᠡᠨ ᠤ ᠠᠮᠤᠷ ᠲᠦᠪᠰᠢᠨ ᠤ ᠠᠳᠠᠯ ᠢ ᠮᠡᠳᠡᠭᠦᠯᠬᠦ ᠳᠦᠷᠢᠮ ᠢ ᠬᠡᠷᠡᠭᠵᠢᠭᠦᠯᠦᠨ᠎ᠡ᠃ | ᠡᠷᠬᠢᠯᠡᠨ ᠭᠦᠢᠴᠡᠳᠬᠡᠭᠴᠢ ᠪᠠ ᠳᠠᠭᠠᠭᠠᠴᠢᠯᠠᠨ ᠭᠦᠢᠴᠡᠳᠬᠡᠭᠴᠢ ᠠᠴᠠ ᠬᠠᠩᠭᠠᠭᠰᠠᠨ ᠢᠳᠡᠭᠡᠨ ᠤ ᠪᠠᠨ | ᠬᠠᠮᠲᠤ ᠶᠢᠨ ᠴᠤᠭᠯᠠᠷᠠᠨ ᠬᠤᠭᠤᠯᠠᠯᠠᠬᠤ ᠬᠥᠮᠦᠰ ᠤᠨ ᠡᠷᠡᠭᠦᠯ ᠮᠡᠨᠳᠦ ᠳᠤ ᠬᠤᠬᠢᠷᠠᠯ ᠤᠴᠠᠷᠠᠭᠤᠯᠤᠭᠰᠠᠨ ᠪᠤᠶᠤ | ᠤᠴᠠᠷᠠᠭᠤᠯᠵᠤ ᠮᠡᠳᠡᠬᠦ ᠪᠠᠶᠢᠳᠠᠯ ᠪᠠ ᠮᠡᠳᠡᠭᠡ ᠵᠠᠩᠭᠢ ᠶᠢ ᠣᠯᠵᠤ ᠮᠡᠳᠡᠪᠡᠯ᠂ ᠡᠪᠡᠳᠴᠢᠲᠡᠨ ᠢ ᠴᠠᠭ ᠲᠤᠬᠠᠢ ᠳᠤᠨᠢ | ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠡᠮᠨᠡᠭᠦᠯᠬᠦ ᠶᠢᠨ ᠬᠠᠮᠲᠤ ᠬᠤᠯᠪᠣᠭᠳᠠᠯ ᠪᠦᠬᠦᠢ | ᠢᠳᠡᠭᠡᠨ ᠵᠢᠴᠢ ᠪᠠᠭᠠᠵᠢ ᠬᠡᠷᠡᠭᠰᠡᠯ ᠵᠡᠷᠭᠡ ᠢᠳᠡᠭᠡᠨ ᠲᠠᠢ ᠬᠤᠯᠪᠣᠭᠳᠠᠬᠤ ᠪᠦᠲᠦᠭᠡᠭᠳᠡᠬᠦᠨ ᠢ ᠦᠳᠲᠡᠷ ᠲᠦᠷᠭᠡᠨ | ᠰᠠᠶᠢᠲᠤᠷ ᠬᠠᠮᠠᠭᠠᠯᠠᠬᠤ ᠬᠡᠷᠡᠭᠲᠡᠢ᠃ ᠡᠷᠬᠢᠯᠡᠨ ᠭᠦᠢᠴᠡᠳᠬᠡᠭᠴᠢ᠂ ᠳᠠᠭᠠᠭᠠᠴᠢᠯᠠᠨ ᠭᠦᠢᠴᠡᠳᠬᠡᠭᠴᠢ ᠠᠴᠠ ᠠᠳᠡᠯ | ᠭᠠᠷᠤᠭᠰᠠᠨ ᠤ ᠳᠠᠷᠠᠭ᠎ᠠ 1 ᠴᠠᠭ ᠤᠨ ᠳᠣᠲᠣᠷ᠎ᠠ ᠠᠳᠡᠯ ᠤᠨ ᠮᠡᠳᠡᠭᠡ ᠵᠠᠩᠭᠢ ᠪᠠᠨ ᠬᠠᠷᠢᠶ᠎ᠠ ᠭᠠᠵᠠᠷ ᠤᠨ ᠰᠤᠮᠤ | ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ | ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠭᠠᠬᠤ | ᠤᠷᠢᠳᠴᠢᠯᠠᠭᠰᠠᠨ ᠲᠥᠰᠦᠯ ᠤᠨ ᠲᠣᠭᠲᠠᠭᠠᠯ ᠶᠣᠰᠣᠭᠠᠷ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ | ᠪᠣᠯᠤᠨ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠵᠦ᠂ ᠠᠷᠭ᠎ᠠ | ᠬᠡᠮᠵᠢᠶ᠎ᠡ ᠠᠪᠴᠤ ᠪᠠᠶᠢᠭᠠᠳ ᠠᠳᠡᠯ ᠤᠨ ᠬᠥᠭᠵᠢᠯᠲᠡ ᠪᠣᠯᠤᠨ ᠰᠢᠢᠳᠪᠦᠷᠢᠯᠡᠭᠰᠡᠨ ᠪᠠᠶᠢᠳᠠᠯ ᠢᠶᠠᠨ ᠴᠠᠭ ᠲᠤᠬᠠᠶ ᠳᠤᠨᠢ | ᠦᠷᠭᠦᠯᠵᠢᠯᠡᠨ ᠮᠡᠳᠡᠭᠦᠯᠬᠦ ᠬᠡᠷᠡᠭᠲᠡᠶ᠂ ᠴᠢᠬᠤᠯᠠ ᠲᠠᠢ ᠦᠶ᠎ᠡ ᠳᠤ ᠳᠡᠭᠡᠳᠦ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠠᠮᠵᠢᠯᠴᠠᠨ | ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃ | ᠡᠪᠡᠳᠴᠢᠳᠡᠨ ᠢ ᠬᠦᠯᠢᠶᠡᠨ ᠠᠪᠴᠤ ᠡᠮᠨᠡᠨ ᠵᠠᠰᠠᠬᠤ ᠡᠮᠴᠢᠯᠡᠭᠡᠨ ᠤ ᠪᠠᠶᠢᠭᠤᠯᠤᠮᠵᠢ ᠨᠢ ᠠᠳᠡᠯ ᠭᠠᠷᠤᠭᠰᠠᠨ ᠭᠠᠵᠠᠷ ᠤᠨ | ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠡᠷᠡᠭᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | ᠶᠠᠮᠠᠷᠪᠠ ᠨᠢᠭᠡᠴᠢ ᠪᠤᠶᠤ ᠬᠤᠪᠢ ᠬᠥᠮᠦᠨ ᠢᠳᠡᠭᠡᠨ ᠤ ᠠᠮᠤᠷ ᠲᠦᠪᠰᠢᠨ ᠤ ᠠᠳᠡᠯ ᠢ ᠨᠢᠭᠤᠨ ᠳᠠᠯᠳᠠᠯᠠᠵᠤ᠂ | ᠬᠤᠳᠠᠯ ᠢᠶᠠᠷ ᠮᠡᠳᠡᠭᠦᠯᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠬᠤᠯᠪᠣᠭᠳᠠᠯ ᠪᠦᠬᠦᠢ ᠭᠡᠷᠡᠴᠢ | ᠪᠠᠷᠢᠮᠲᠠ ᠶᠢ ᠨᠢᠭᠤᠨ ᠳᠠᠯᠳᠠᠯᠠᠵᠤ᠂ ᠬᠠᠭᠤᠷᠮᠠᠭᠯᠠᠨ ᠵᠣᠬᠢᠶᠠᠵᠤ᠂ ᠤᠰᠠᠳᠬᠠᠵᠤ ᠪᠣᠯᠬᠤ ᠦᠭᠡᠢ᠃ |