ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠵᠢᠷᠭᠤᠳᠤᠭᠠᠷ ᠵᠦᠢᠯ ᠡᠯ᠎ᠡ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠬᠤ | ᠬᠦᠰᠦᠨᠦᠭᠲᠦ︾ ︵ᠳᠠᠭᠠᠯᠳᠤᠭᠤᠯᠤᠯ 1︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ | ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠮᠡᠳᠡᠭᠳᠡᠬᠦ ᠪᠢᠴᠢᠭ︾ ︵ᠳᠠᠭᠠᠯᠳᠤᠭᠤᠯᠤᠯ 2︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ | ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 3︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ | ᠬᠠᠷᠢᠭᠤᠴᠠᠯᠭ᠎ᠠ ᠶᠢᠨ ᠵᠥᠪᠯᠡᠯᠴᠡᠭᠡᠷ ᠤᠨ ᠪᠢᠴᠢᠭ︾ ︵ᠳᠠᠭᠠᠯᠳᠤᠭᠤᠯᠤᠯ 4︶ ᠤᠨ ᠪᠢᠴᠢᠭ ᠬᠠᠷ᠎ᠠ ᠶᠢᠨ ᠵᠠᠭᠪᠤᠷ ᠢᠶᠠᠷ | ᠯᠠᠪᠯᠠᠯᠲᠠ ᠪᠣᠯᠭᠠᠵᠤ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠬᠢᠨᠠᠯᠲᠠ ᠬᠠᠮᠢᠶᠠᠷᠤᠯᠲᠠ ᠳᠤ ᠳᠣᠭᠢᠷᠠᠬᠤ | ᠪᠢᠴᠢᠭ ᠬᠠᠷ᠎ᠠ ᠶᠢᠨ ᠬᠡᠯᠪᠡᠷᠢ ᠮᠠᠶ᠋ᠢᠭ ᠢ ᠲᠣᠭᠲᠠᠭᠠᠬᠤ ᠶᠢᠨ ᠬᠠᠮᠲᠤ ᠦᠪᠡᠷᠲᠡᠭᠡᠨ ᠳᠠᠷᠤᠮᠠᠯᠯᠠᠨ ᠦᠢᠯᠡᠳᠦᠨ᠎ᠡ᠃ | ᠬᠤᠷᠢᠨ ᠳᠣᠯᠣᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ︽ᠳᠡᠭᠡᠭᠰᠢ︾ ᠭᠡᠳᠡᠭ ᠲᠤ ᠲᠤᠰ | ᠲᠤᠭ᠎ᠠ ᠶᠢ ᠪᠠᠭᠲᠠᠭᠠᠵᠤ᠂ ︽ᠳᠣᠷᠣᠭᠰᠢ︾ ᠳᠤ ᠲᠤᠰ ᠲᠤᠭ᠎ᠠ ᠶᠢ ᠪᠠᠭᠲᠠᠭᠠᠬᠤ ᠦᠭᠡᠶ᠃ | ᠬᠤᠷᠢᠨ ᠨᠠᠢᠮᠠᠳᠤᠭᠠᠷ ᠵᠦᠢᠯ ᠲᠣᠰ ᠠᠷᠭ᠎ᠠ ᠳᠤ ᠲᠣᠭᠲᠠᠭᠠᠭᠰᠠᠨ ᠭᠤᠶᠤᠴᠢᠯᠠᠨ ᠮᠡᠳᠡᠭᠦᠯᠵᠦ ᠪᠦᠷᠢᠳᠬᠡᠨ | ᠳᠠᠩᠰᠠᠯᠠᠭᠤᠯᠬᠤ ᠵᠡᠷᠭᠡ ᠬᠤᠭᠤᠴᠠᠭ᠎ᠠ ᠶᠢ ᠠᠵᠢᠯᠯᠠᠬᠤ ᠡᠳᠦᠷ ᠢᠶᠠᠷ ᠪᠤᠳᠤᠨ᠎ᠠ᠂ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠥᠬᠡᠶ᠃ | ᠬᠤᠷᠢ ᠶᠢᠰᠦᠳᠦᠭᠡᠷ ᠵᠦᠢᠯ ᠲᠣᠰ ᠠᠷᠭ᠎ᠠ ᠶᠢ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠥᠯᠥᠨ | ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ | ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︵ᠬᠦᠯᠦᠨ ᠵᠠᠰᠠᠭ ᠠᠯᠪᠠᠨ ᠦᠰᠦᠭ ﹇2017﹈ 244 | ᠳ᠋ᠤᠭᠡᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ |