ᠴᠠᠩ ᠴᠢᠩ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ᠄ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ
ᠨᠡᠶᠢᠲᠡᠯᠡᠭᠰᠡᠨ ᠴᠠᠭ᠄
2021/8/3
       8 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠵᠢᠴᠢ ᠬᠡᠲᠦ ᠳᠡᠯᠭᠡᠭᠦᠷ᠂ ᠡᠮ ᠤᠨ ᠳᠡᠯᠭᠡᠭᠦᠷ᠂ ᠳᠤᠮᠳᠠᠳᠤ ᠣᠷᠣᠰ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠬᠤᠲᠠ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠪᠠᠶᠢᠴᠠᠭᠠᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠤᠯᠠᠭᠠᠨᠲᠤᠶᠠᠭ᠎ᠠ᠂ ᠳ᠋ᠢᠩ ᠸᠠᠨ ᠶᠦᠩ ᠨᠡᠷ ᠪᠠᠷ᠎ᠠ ᠪᠣᠯᠣᠯᠴᠠᠪᠠ᠃
       ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠲᠤ ᠴᠠᠩ ᠴᠢᠩ ᠪᠦᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ ᠵᠢᠭᠠᠬᠤ ᠳᠠᠭᠠᠨ᠂ ᠣᠳᠣᠬᠠᠨ ᠤ ᠬᠢᠵᠢᠭ ᠤᠨ ᠪᠠᠶᠢᠳᠠᠯ ᠮᠥᠨ ᠯᠡ ᠬᠦᠨᠳᠦ ᠬᠡᠴᠡᠭᠦᠦ ᠪᠥᠭᠡᠳ ᠪᠤᠳᠤᠯᠢᠶᠠᠨᠲᠠᠶ ᠪᠠᠶᠢᠭᠰᠠᠭᠠᠷ᠂ ᠡᠮᠴᠢᠯᠡᠭᠡᠨ ᠤ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠠᠵᠢᠯ ᠤᠨ ᠭᠤᠣᠯᠳᠠᠯᠭ᠎ᠠ ᠪᠣᠯᠭᠠᠵᠤ᠂ ᠠᠶᠢᠵᠠᠮ ᠢ ᠬᠤᠪᠢᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ᠂ ᠪᠠᠷᠢᠮᠵᠢᠶ᠎ᠠ ᠶᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠮᠢᠨᠴᠦᠭᠦᠷᠡᠬᠦ ᠦᠵᠡᠯ ᠰᠠᠨᠠᠭ᠎ᠠ᠂ ᠵᠠᠪᠰᠢᠶᠠᠨ ᠢ ᠬᠦᠰᠡᠬᠦ ᠪᠣᠳᠣᠯ᠂ ᠰᠤᠯᠠᠷᠠᠬᠤ ᠪᠠᠶᠢᠳᠠᠯ ᠢ ᠲᠡᠪᠴᠢᠵᠦ᠂ ᠡᠮᠨᠡᠯᠭᠡ ᠶᠢᠨ ᠠᠵᠢᠯᠲᠠᠨ ᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠡᠮᠨᠡᠯᠭᠡ ᠠᠴᠠ ᠭᠠᠷᠬᠤ ᠬᠥᠮᠦᠰ ᠢ ᠪᠠᠶᠢᠴᠠᠭᠠᠬᠤ᠂ ᠡᠪᠡᠳᠴᠢᠲᠡᠨ ᠤ ᠦᠷᠦᠭᠡ ᠶᠢ ᠡᠷᠭᠢᠵᠦ ᠦᠵᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠴᠢᠩᠭᠠᠳᠬᠠᠨ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠬᠢᠵᠦ᠂ ᠬᠢᠵᠢᠭ ᠤᠨ ᠪᠠᠶᠢᠳᠠᠯ ᠢ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠡᠢ᠃
       ᠡᠯ᠎ᠡ ᠬᠡᠲᠦ ᠳᠡᠯᠭᠡᠭᠦᠷ᠂ ᠡᠮ ᠤᠨ ᠳᠡᠯᠭᠡᠭᠦᠷ᠂ ᠳᠤᠮᠳᠠᠳᠤ ᠣᠷᠣᠰ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠬᠤᠲᠠ ᠪᠠ ᠬᠦᠢᠲᠡᠨ ᠬᠡᠯᠬᠢᠶᠡᠲᠦ ᠢᠳᠡᠭᠡᠨ ᠤ ᠡᠵᠡᠩᠨᠡᠯᠲᠡ ᠶᠢᠨ ᠠᠵᠤ ᠠᠬᠤᠶᠢᠯᠠᠯ ᠳᠤ ᠴᠠᠩ ᠴᠢᠩ ᠠᠵᠢᠯᠲᠠᠳ ᠠᠴᠠ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠭᠰᠡᠨ ᠡᠰᠡᠬᠦ᠂ ᠳᠡᠯᠭᠡᠭᠦᠷ ᠲᠤ ᠣᠷᠣᠭᠰᠠᠳ ᠲᠤ ᠠᠮᠠᠪᠴᠢ ᠵᠡᠭᠦᠯᠭᠡᠬᠦ᠂ ᠳᠤᠯᠠᠭᠠᠨ ᠢ ᠬᠡᠮᠵᠢᠬᠦ᠂ ᠠᠷᠢᠭᠤᠳᠬᠠᠬᠤ᠂ ᠳᠡᠩᠰᠡᠯᠡᠨ ᠲᠡᠮᠳᠡᠭᠯᠡᠬᠦ ᠶᠠᠪᠤᠴᠠ ᠶᠢ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠨᠠᠷᠢᠯᠢᠭ ᠠᠰᠠᠭᠤᠨ ᠯᠠᠪᠯᠠᠪᠠ᠃ ᠲᠡᠷᠡ ᠱᠠᠭᠠᠷᠳᠠᠬᠤ ᠳᠠᠭᠠᠨ᠂ ᠬᠡᠲᠦ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠵᠠᠶ ᠶᠢ ᠪᠠᠲᠤᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠂ ᠬᠦᠮᠦᠰ ᠤᠨ ᠬᠤᠷᠠᠨ ᠴᠤᠭᠯᠠᠷᠠᠬᠤ ᠠᠴᠠ ᠰᠡᠷᠭᠡᠶᠢᠯᠡᠬᠦ ᠬᠡᠷᠡᠭᠲᠡᠶ ᠭᠡᠵᠡᠶ᠃ ᠲᠡᠷᠡ ᠪᠠᠰᠠ᠂ ᠡᠮ ᠤᠨ ᠳᠡᠯᠭᠡᠭᠦᠷ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ︽ᠬᠠᠷᠠᠭᠤᠯ ᠤᠨ ᠭᠠᠵᠠᠷ︾ ᠪᠣᠯᠬᠤᠷ ᠬᠠᠯᠠᠭᠤᠷᠠᠬᠤ ᠶᠢ ᠵᠠᠰᠠᠬᠤ ᠡᠮ ᠬᠤᠳᠠᠯᠳᠤᠨ ᠠᠪᠤᠭᠰᠠᠨ ᠬᠥᠮᠦᠰ ᠢ ᠨᠠᠷᠢᠨ ᠲᠣᠳᠣᠷᠬᠠᠶ ᠳᠡᠩᠰᠡᠯᠡᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠶ︔ ᠬᠦᠢᠲᠡᠨ ᠬᠡᠯᠬᠢᠶᠡᠲᠦ ᠢᠳᠡᠭᠡᠨ ᠡᠵᠡᠩᠨᠡᠬᠦ ᠠᠵᠤ ᠠᠬᠤᠶᠢᠯᠠᠯ ᠤᠳ ᠡᠷᠬᠡᠪᠰᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠢᠷᠡᠯᠲᠡ ᠨᠢ ᠲᠣᠳᠣᠷᠬᠠᠶ ᠥᠬᠡᠶ᠂ ᠪᠢᠯᠧᠲ ᠲᠡᠮᠳᠡᠭ ᠵᠢᠴᠢ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠭᠡᠷᠡᠴᠢ ᠦᠭᠡᠢ ᠵᠡᠷᠭᠡ ᠢᠳᠡᠭᠡᠨ ᠢ ᠬᠤᠳᠠᠯᠳᠤᠨ ᠠᠪᠬᠤ᠂ ᠬᠠᠳᠠᠭᠠᠯᠠᠬᠤ᠂ ᠪᠣᠷᠣᠯᠠᠭᠤᠯᠬᠤ ᠪᠠ ᠠᠮᠤᠷ ᠲᠦᠪᠰᠢᠨ ᠤ ᠪᠠᠷᠢᠮᠵᠢᠶ᠎ᠠ ᠳᠤ ᠥᠯᠥ ᠨᠡᠶᠢᠴᠡᠬᠦ ᠬᠦᠢᠲᠡᠨ ᠬᠡᠯᠬᠢᠶᠡᠲᠦ ᠢᠳᠡᠭᠡᠨ ᠢ ᠭᠠᠳᠠᠭᠠᠳᠤ ᠠᠴᠠ ᠣᠷᠣᠭᠤᠯᠬᠤ ᠶᠢ ᠡᠷᠡᠰ ᠴᠠᠭᠠᠵᠠᠯᠠᠵᠤ᠂ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠦᠨᠡᠨᠬᠦ ᠰᠠᠶᠢᠲᠤᠷ ᠡᠵᠡᠮᠳᠡᠬᠦ ᠬᠡᠷᠡᠭᠲᠡᠶ ᠭᠡᠵᠦ ᠱᠠᠭᠠᠷᠳᠠᠪᠠ᠃
       ᠪᠠᠶᠢᠴᠠᠭᠠᠯᠲᠠ ᠳᠤ ᠴᠠᠩ ᠴᠢᠩ ᠪᠠᠰᠠ ᠳᠤᠮᠳᠠᠳᠤ ᠣᠷᠣᠰ ᠮᠣᠩᠭᠤᠯ ᠤᠨ ᠬᠤᠳᠠᠯᠳᠤᠭ᠎ᠠ ᠠᠷᠠᠯᠵᠢᠶᠠᠨ ᠤ ᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠠᠬᠢᠯᠭᠠᠨ ᠬᠡᠷᠡᠭᠯᠡᠬᠦ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠯᠢᠭ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠪᠠ᠃
                                                    ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号