ᠪᠦᠬᠡᠪᠠᠶᠠᠷ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/4
       8 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠴᠠᠩ ᠴᠢᠩ᠂ ᠯᠦᠸᠧ ᠴᠧᠩ ᠭᠤᠸᠠᠩ᠂ ᠲᠢᠶᠠᠨ ᠹᠧᠩ ᠯᠢᠨ᠂ ᠪᠠᠢ ᠴᠦᠨ ᠮᠧᠢ᠂ ᠳ᠋ᠦ᠋ ᠴᠧᠩ᠂ ᠡᠷᠳᠡᠨᠢᠪᠦ᠋ᠬᠡ᠂ ᠤᠯᠠᠭᠠᠨᠲᠤᠶᠠᠭ᠎ᠠ᠂ ᠳᠠᠯᠠᠶᠢᠪᠠᠳᠤ᠂ ᠦᠷᠭᠡᠨ᠂ ᠸᠠᠩ ᠰᠢᠶᠤᠤ ᠹᠸᠢ᠂ ᠳ᠋ᠢᠩ ᠸᠠᠨ ᠶᠦᠩ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠵᠢᠴᠢ ᠤᠳᠤᠷᠢᠳᠤᠯᠭ᠎ᠠ ᠶᠢᠨ ᠶᠠᠷᠢᠶ᠎ᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠡᠯ᠎ᠡ ᠲᠤᠰᠬᠠᠶ ᠠᠵᠢᠯᠯᠠᠬᠤ ᠳᠤᠭᠤᠶᠢᠯᠠᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃        ᠲᠠᠷᠠᠭᠠᠴᠢ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠦᠬᠡᠪᠠᠶᠠᠷ᠂ ᠣᠳᠣᠬᠠᠨ ᠤ ᠬᠢᠵᠢᠭ ᠤᠨ ᠪᠠᠶᠢᠳᠠᠯ ᠤᠨ ᠬᠦᠨᠳᠦ ᠬᠡᠴᠡᠭᠦᠦ ᠪᠠᠶᠢᠳᠠᠯ ᠢ ᠭᠦᠨᠵᠡᠭᠡᠢ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠳᠠᠯᠠᠵᠤ᠂ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠪᠠᠶᠢᠩᠭᠤᠵᠢᠭᠤᠯᠤᠨ ᠪᠦᠬᠦ ᠲᠠᠯ᠎ᠠ ᠪᠠᠷ ᠪᠣᠳᠠᠲᠠᠢ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ ᠭᠡᠪᠡ᠃        ᠪᠦᠬᠡᠪᠠᠶᠠᠷ ᠱᠠᠭᠠᠷᠳᠠᠬᠤ ᠳᠠᠭᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠴᠢᠩᠭ᠎ᠠ ᠪᠠᠬᠢᠯᠡᠬᠦ ᠬᠡᠷᠡᠭᠲᠡᠢ᠃ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ᠂ ︽ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ︾ ᠤ ᠣᠶᠢᠯᠠᠭᠠᠭᠳᠠᠬᠤᠨ ᠢ ᠪᠣᠶ ᠪᠣᠯᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠸᠠᠺᠼᠢᠨ ᠤ ᠲᠠᠷᠢᠯᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠵᠦ᠂ ᠠᠰᠠᠭᠤᠳᠠᠯ ᠢ ᠣᠯᠵᠤ ᠮᠡᠳᠡᠪᠡᠯ ᠳᠠᠷᠤᠶ ᠲᠦᠷᠭᠡᠨ ᠬᠦᠳᠡᠯᠦᠯᠴᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃        ᠪᠦᠬᠡᠪᠠᠶᠠᠷ ᠪᠠᠰᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠠᠶᠢᠯᠳᠤᠭᠠᠨ ᠤ ᠡᠮᠦᠨᠡᠬᠢ ᠪᠠᠶᠢᠳᠠᠯ ᠢ ᠪᠠᠲᠤᠯᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠲᠤᠰᠬᠠᠢ ᠮᠡᠷᠭᠡᠵᠢᠯᠲᠡᠨ ᠪᠠ ᠤᠯᠠᠨ ᠲᠦᠮᠡᠨ ᠤᠶᠠᠯᠳᠤᠭᠰᠠᠨ ᠰᠡᠷᠭᠡᠶᠢᠯᠡᠨ ᠡᠵᠡᠮᠳᠡᠬᠦ ᠪᠠᠶᠢᠷᠢᠰᠢᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠰᠤᠷᠲᠠᠯ ᠢ ᠦᠨᠡᠨᠬᠦ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠪᠥᠬᠦ ᠬᠤᠰᠢᠭᠤᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃        ᠴᠠᠩ ᠴᠢᠩ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠲᠠᠯᠠᠪᠤᠷ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠦᠳᠲᠡᠷ ᠲᠦᠷᠭᠡᠨ ᠢᠶᠠᠷ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠵᠦ᠂ ᠮᠡᠳᠡᠭᠡ ᠵᠠᠩᠭᠢ ᠨᠢᠭᠡᠪᠦᠷᠢ ᠶᠢ ᠬᠢᠨᠠᠨ ᠬᠠᠷᠭᠤᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢ ᠪᠣᠳᠠᠲᠠᠶᠢᠵᠢᠭᠤᠯᠤᠨ᠂ ᠲᠤᠰᠠᠭᠠᠷᠯᠠᠨ ᠬᠠᠮᠢᠶᠠᠷᠴᠤ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠷᠣᠬᠤ ᠪᠣᠭᠤᠮᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠡᠷᠲᠡ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠪᠠ ᠨᠠᠷᠢᠯᠢᠭ ᠣᠨᠣᠪᠴᠢᠲᠠᠢ ᠪᠠᠷ ᠬᠠᠮᠢᠶᠠᠷᠤᠨ ᠡᠵᠡᠮᠳᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠳᠠᠷᠤᠢ ᠲᠦᠷᠭᠡᠨ ᠳᠠᠩᠰᠠᠯᠠᠵᠤ᠂ ᠳᠠᠷᠤᠢ ᠲᠦᠷᠭᠡᠨ ᠳᠡᠭᠡᠭᠰᠢ ᠮᠡᠳᠡᠭᠦᠯᠵᠦ᠂ ᠳᠠᠷᠤᠢ ᠲᠦᠷᠭᠡᠨ ᠮᠥᠷᠳᠡᠨ ᠬᠠᠮᠢᠶᠠᠷᠴᠤ ᠡᠵᠡᠮᠳᠡᠬᠦ ᠶᠢ ᠪᠡᠶᠡᠯᠡᠭᠦᠯᠬᠦ ᠬᠡᠷᠡᠭᠲᠡᠢ᠃ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠪᠣᠳᠠᠰ᠂ ᠣᠷᠴᠢᠨ ᠲᠣᠭᠤᠷᠢᠨ ᠠᠴᠠ ᠬᠥᠮᠦᠨ ᠳᠤ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃        ᠴᠠᠩ ᠴᠢᠩ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠤᠯᠠᠨ ᠭᠠᠵᠠᠷ ᠲᠤ ᠬᠥᠨᠳᠡᠭᠳᠡᠬᠦ ᠲᠣᠭᠲᠠᠴᠠ ᠶᠢ ᠪᠦᠷᠢᠨᠰᠢᠬᠦᠯᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ ᠪᠠ ᠡᠷᠲᠡ ᠡᠮᠨᠡᠨ ᠵᠠᠰᠠᠬᠤ ᠶᠢ ᠪᠡᠶᠡᠯᠡᠭᠦᠯᠬᠦ ᠬᠡᠷᠡᠭᠲᠡᠢ᠃ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠡᠭᠦᠰᠪᠡᠯ ᠳᠠᠷᠤᠶ ᠲᠦᠷᠭᠡᠨ ᠬᠠᠷᠢᠭᠤ ᠲᠤᠰᠬᠠᠯ ᠭᠠᠷᠭᠠᠵᠤ᠂ ᠣᠨᠣᠪᠴᠢᠲᠠᠶ ᠡᠵᠡᠮᠳᠡᠨ ᠰᠡᠷᠭᠡᠶᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠷᠢᠯᠢᠭ ᠲᠣᠬᠢᠷᠠᠭᠤᠯᠤᠯᠲᠠ ᠬᠢᠵᠦ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠡᠢ᠃                                               ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号