ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2021﹈ 9 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/5
     ᠣᠶᠢᠷ᠎ᠠ ᠶᠢᠨ ᠬᠤᠭᠤᠴᠠᠭᠠᠨ ᠳᠤ ᠮᠠᠨ ᠤ ᠤᠯᠤᠰ ᠤᠨ ᠣᠯᠠᠨ ᠮᠤᠵᠢ ᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠰᠠᠳ ᠳᠡᠯᠭᠡᠷᠡᠬᠦ ᠪᠠᠶᠢᠳᠠᠯ ᠢᠯᠡᠷᠡᠵᠦ᠂ ᠬᠢᠵᠢᠭ ᠤᠨ ᠪᠠᠶᠢᠳᠠᠯ ᠬᠦᠨᠳᠦ ᠨᠣᠴᠢᠲᠠᠶ ᠪᠠᠶᠢᠭ᠎ᠠ ᠪᠣᠯᠬᠤᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠬᠥᠯᠥᠨ ᠪᠤᠶᠢᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 22 ᠳ᠋ᠤᠭᠠᠷ ᠲᠣᠭᠠᠲᠤ᠂ 23 ᠳ᠋ᠤᠭᠠᠷ ᠲᠣᠭᠠᠲᠤ ᠠᠯᠪᠠᠨ ᠵᠠᠷᠯᠠᠯ ᠲᠠᠢ ᠤᠶᠠᠯᠳᠤᠭᠤᠯᠤᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠤ ᠬᠤᠯᠪᠣᠭᠳᠠᠯ ᠪᠥᠬᠦᠶ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠥᠯᠥᠨ ᠪᠤᠶᠢᠷ ᠬᠤᠲᠠ ᠶᠢᠨ ᠵᠢᠯᠣᠭᠤᠳᠬᠤ ᠭᠠᠵᠠᠷ ᠤᠨ 22 ᠳ᠋ᠤᠭᠠᠷ ᠲᠣᠭᠠᠲᠤ ᠠᠯᠪᠠᠨ ᠵᠠᠷᠯᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠵᠢᠴᠢ ᠪᠠᠶᠢᠭ᠎ᠠ ᠬᠤᠲᠠ ︵ᠭᠠᠵᠠᠷ ᠤᠨ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ︶ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠳᠠᠷᠤᠶᠢᠬᠠᠨ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ᠂ ᠭᠠᠴᠠᠭ᠎ᠠ ᠳᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠶᠠᠨ ᠤ ᠵᠠᠮ ᠢᠶᠠᠨ ᠵᠣᠷᠢᠭᠤᠳᠠ ᠨᠢᠭᠤᠨ ᠳᠠᠯᠳᠠᠯᠠᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ ᠲᠤᠬᠠᠶ ᠶᠢᠨ ᠬᠥᠮᠦᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠶ᠃ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠡᠯ᠎ᠡ ᠡᠵᠡᠩᠨᠡᠯᠲᠡ ᠶᠢᠨ ᠭᠤᠤᠯ ᠴᠣᠭᠴᠠ ᠠᠶᠠᠨᠴᠢᠳ ᠤᠨ ᠳᠤᠮᠳᠠ ᠠᠴᠠ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠵᠢᠴᠢ ᠲᠡᠭᠦᠨ ᠤ ᠪᠠᠶᠢᠭ᠎ᠠ ᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠪᠠ ᠵᠠᠮ ᠢᠶᠠᠷ ᠢᠶᠠᠨ ᠳᠠᠭᠠᠷᠢᠵᠤ ᠥᠩᠭᠡᠷᠡᠭᠰᠡᠨ ᠬᠦᠮᠦᠰ ᠲᠤ ᠴᠢᠩᠭ᠎ᠠ ᠪᠠᠶᠢᠴᠠᠭᠠᠯᠲᠠ ᠬᠢᠵᠦ᠂ ᠮᠡᠳᠡᠭᠡ ᠵᠠᠩᠭᠢ ᠶᠢ ᠳᠠᠩᠰᠠᠯᠠᠨ᠂ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠪᠠ ᠠᠩᠬ᠎ᠠ ᠣᠨᠣᠰᠢᠯᠠᠬᠤ ᠶᠢ ᠬᠠᠷᠢᠭᠤᠴᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠯᠠᠭᠤᠷᠠᠬᠤ ᠡᠭᠦᠳᠡᠨ ᠡᠮᠨᠡᠯᠭᠡ ᠶᠢᠨ ᠡᠪᠡᠳᠴᠢᠲᠡᠨ ᠢ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠭᠠᠷᠬᠤ ᠠᠴᠠ ᠡᠮᠦᠨ᠎ᠡ ᠡᠷᠬᠡᠪᠰᠢ ᠡᠮᠨᠡᠯᠭᠡ ᠳᠤ ᠦᠯᠡᠳᠡᠭᠡᠨ ᠠᠵᠢᠭᠯᠠᠵᠤ᠂ ᠬᠤᠪᠢ ᠶᠢᠨ ᠡᠮᠴᠢᠯᠡᠭᠡᠨ ᠤ ᠭᠠᠵᠠᠷ ᠬᠠᠯᠠᠭᠤᠷᠠᠭᠰᠠᠨ ᠡᠪᠡᠳᠴᠢᠲᠡᠨ ᠢ ᠭᠥᠯᠢᠶᠡᠨ ᠠᠪᠴᠤ ᠣᠨᠣᠰᠢᠯᠠᠬᠤ ᠶᠢ ᠴᠢᠩᠭ᠎ᠠ ᠴᠠᠭᠠᠵᠠᠯᠠᠨ᠎ᠠ᠃ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ ᠪᠠ ᠪᠠᠺᠲ᠋ᠧᠷᠢ ᠡᠰᠡᠷᠭᠦᠴᠡᠬᠦ ᠵᠡᠷᠭᠡ 4 ᠲᠥᠷᠥᠯ ᠤᠨ ᠡᠮ ᠢ ᠪᠣᠷᠣᠯᠠᠭᠤᠯᠬᠤ ᠳᠠᠭᠠᠨ ᠦᠨᠡᠨ ᠨᠡᠷ᠎ᠡ ᠪᠠᠷ ᠨᠢ ᠳᠠᠩᠰᠠᠯᠠᠭᠤᠯᠬᠤ ᠬᠡᠷᠡᠭᠲᠡᠶ᠃      ᠭᠤᠷᠪᠠ᠂ ᠵᠢᠭᠤᠯᠴᠢᠯᠠᠯ ᠤᠨ ᠪᠦᠯᠬᠦᠮ ᠳᠤᠭᠤᠶᠢᠯᠠᠩ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠵᠣᠴᠢᠳ ᠤᠨ ᠪᠠᠭᠤᠳᠠᠯ ︵ᠲᠤᠰᠠᠭᠠᠷᠯᠠᠬᠤ ᠲᠠᠯᠠᠪᠤᠷ ᠢ ᠪᠠᠭᠲᠠᠭᠠᠬᠤ ᠦᠭᠡᠢ︶᠂ ᠠᠷᠠᠳ ᠤᠨ ᠭᠡᠷ ᠪᠠᠭᠤᠳᠠᠯ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠳ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠵᠢᠴᠢ ᠲᠡᠭᠦᠨ ᠤ ᠪᠠᠶᠢᠭ᠎ᠠ ᠬᠤᠲᠠ ᠠᠴᠠ ᠢᠷᠡᠭᠰᠡᠨ ᠪᠠ ᠵᠠᠮ ᠢᠶᠠᠷ ᠢᠶᠠᠨ ᠳᠠᠭᠠᠷᠢᠵᠤ ᠥᠩᠭᠡᠷᠡᠭᠰᠡᠨ ᠬᠦᠮᠦᠰ ᠤᠨ ᠣᠷᠣᠯᠴᠠᠭᠰᠠᠨ ᠮᠤᠵᠢ ᠠᠯᠤᠰᠯᠠᠭᠰᠠᠨ ᠵᠢᠭᠤᠯᠴᠢᠯᠠᠯ ᠤᠨ ᠪᠦᠯᠬᠦᠮ ᠳᠤᠭᠤᠶᠢᠯᠠᠩ ᠢ ᠭᠥᠯᠢᠶᠡᠨ ᠠᠪᠴᠤ ᠪᠣᠯᠬᠤ ᠥᠬᠡᠶ︔ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠵᠢᠴᠢ ᠲᠡᠭᠦᠨ ᠤ ᠪᠠᠶᠢᠭ᠎ᠠ ᠬᠤᠲᠠ ᠠᠴᠠ ᠢᠷᠡᠭᠰᠡᠨ ᠪᠠ ᠵᠠᠮ ᠢᠶᠠᠷ ᠢᠶᠠᠨ ᠳᠠᠭᠠᠷᠢᠵᠤ ᠮᠠᠨ ᠤ ᠬᠤᠰᠢᠭᠤᠨ ᠳᠤ ᠢᠷᠡᠭᠰᠡᠨ ᠬᠥᠮᠦᠰ ᠢ ᠭᠥᠯᠢᠶᠡᠨ ᠠᠪᠴᠤ ᠪᠣᠯᠬᠤ ᠥᠬᠡᠶ᠂ ᠳᠡᠭᠡᠷ᠎ᠡ ᠳᠤᠷᠠᠳᠤᠭᠰᠠᠨ ᠬᠥᠮᠦᠰ ᠢ ᠣᠯᠵᠤ ᠮᠡᠳᠡᠮᠡᠭᠴᠡ ᠪᠠᠶᠢᠭ᠎ᠠ ᠭᠠᠵᠠᠷ ᠤᠨ ᠭᠠᠴᠠᠭ᠎ᠠ᠂ ᠨᠡᠶᠢᠭᠡᠮ ᠲᠣᠭᠤᠷᠢᠭ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠳᠠᠷᠦ᠋ᠢᠬᠠᠨ ᠮᠡᠳᠡᠭᠦᠯᠬᠦ ᠬᠡᠷᠡᠭᠲᠡᠶ᠃      ᠲᠦᠷᠪᠡ᠂ ᠬᠥᠮᠦᠰ ᠤᠨ ᠴᠢᠬᠤᠯᠠ ᠪᠤᠰᠤ ᠨᠠᠰᠢ ᠴᠠᠰᠢ ᠶᠠᠪᠤᠬᠤ ᠶᠢ ᠪᠠᠭᠠᠰᠬᠠᠬᠤ ᠬᠡᠷᠡᠭᠲᠡᠢ᠃ ᠥᠷᠭᠡᠨ ᠣᠯᠠᠨ ᠰᠠᠭᠤᠭᠠᠯᠢ ᠠᠷᠠᠳ ᠣᠶᠢᠷ᠎ᠠ ᠶᠢᠨ ᠬᠤᠭᠤᠴᠠᠭᠠᠨ ᠳᠤ ᠴᠢᠬᠤᠯᠠ ᠥᠬᠡᠶ ᠪᠣᠯ ᠭᠠᠳᠠᠭᠰᠢ ᠭᠠᠷᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢᠯᠡᠷᠡᠭᠰᠡᠨ ᠬᠤᠲᠠ ᠪᠠ ᠭᠠᠵᠠᠷ ᠣᠷᠣᠨ ᠳᠤ ᠠᠵᠢᠯ ᠢᠶᠠᠷ ᠭᠠᠳᠠᠭᠰᠢ ᠭᠠᠷᠬᠤ ᠥᠬᠡᠶ᠂ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠦᠭᠡᠢ ᠪᠠᠶᠢᠵᠤ᠂ ᠡᠷᠬᠡᠪᠰᠢ ᠣᠴᠢᠬᠤ ᠴᠢᠬᠤᠯᠠᠲᠠᠢ ᠪᠣᠯ ᠠᠵᠢᠯᠯᠠᠵᠤ ᠪᠠᠶᠢᠭ᠎ᠠ ᠨᠢᠭᠡᠴᠡ ᠪᠠ ᠪᠠᠶᠢᠭ᠎ᠠ ᠭᠠᠴᠠᠭ᠎ᠠ᠂ ᠨᠡᠶᠢᠭᠡᠮ ᠲᠣᠭᠤᠷᠢᠭ ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠲᠠᠨ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠲᠦᠷᠦᠭᠦᠯᠡᠨ ᠬᠡᠷᠡᠭᠵᠢᠭᠦᠯᠵᠦ᠂ ᠦᠨᠡᠨ ᠬᠦ ᠣᠴᠢᠬᠤ ᠴᠢᠬᠤᠯᠠᠲᠠᠶ ᠪᠣᠯ᠂ ᠪᠠᠶᠢᠭ᠎ᠠ ᠨᠢᠭᠡᠴᠡ ᠠᠴᠠ ᠴᠢᠩᠭ᠎ᠠ ᠬᠢᠨᠠᠨ ᠬᠠᠮᠢᠶᠠᠷᠴᠤ᠂ ︽ᠬᠡᠨ ᠭᠤᠶᠤᠴᠢᠯᠠᠪᠠᠯ ᠬᠡᠨ ᠬᠠᠷᠢᠭᠤᠴᠠᠬᠤ ︾ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠤᠴᠠᠵᠤ ᠢᠷᠡᠭᠰᠡᠨ ᠤ ᠳᠠᠷᠠᠭ᠎ᠠ ᠱᠠᠭᠠᠷᠳᠠᠯᠭ᠎ᠠ ᠶᠣᠰᠣᠭᠠᠷ ᠲᠤᠰᠠᠭᠠᠷᠯᠠᠨ ᠬᠢᠨᠠᠨ ᠰᠢᠯᠭᠠᠬᠤ ᠶᠢᠨ ᠬᠠᠮᠲᠤ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠮᠠᠨ ᠤ ᠬᠤᠰᠢᠭᠤᠨ ᠤ ᠪᠠᠭᠰᠢ᠂ ᠰᠤᠷᠤᠭᠴᠢᠳ ᠵᠢᠴᠢ ᠬᠡᠷ ᠤᠨ ᠠᠬᠠᠮᠠᠳ ᠣᠳᠣᠬᠠᠨ ᠳᠤ ᠭᠠᠳᠠᠨ᠎ᠠ ᠣᠷᠣᠨ ᠳᠤ ᠪᠠᠶᠢᠪᠠᠯ ᠰᠤᠷᠭᠠᠭᠤᠯᠢ ᠡᠬᠢᠯᠡᠬᠦ ᠠᠴᠠ ᠡᠮᠦᠨ᠎ᠡ 14 ᠡᠳᠦᠷ ᠰᠠᠭᠤᠭ᠎ᠠ ᠭᠠᠵᠠᠷ ᠲᠠᠭᠠᠨ ᠪᠤᠴᠠᠵᠤ᠂ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠭᠡᠷᠡᠶ᠃      ᠲᠠᠪᠤ᠂ ᠬᠥᠮᠦᠨ ᠬᠠᠷ᠎ᠠ ᠴᠤᠭᠯᠠᠷᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠲᠣᠮᠣ ᠬᠡᠪᠴᠢᠶᠡᠨ ᠤ ᠬᠤᠷᠠᠯ᠂ ᠪᠣᠯᠪᠠᠰᠤᠷᠠᠯ᠂ ᠱᠠᠰᠢᠨ ᠰᠤᠷᠲᠠᠬᠤᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠶᠢ ᠲᠦᠷ ᠬᠤᠶᠢᠰᠢᠯᠠᠭᠤᠯᠵᠤ᠂ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠤᠨ ᠲᠣᠭᠯᠠᠯᠲᠠ ᠶᠢ ᠲᠦᠷ ᠬᠤᠶᠢᠰᠢᠯᠠᠭᠤᠯᠤᠨ᠎ᠠ᠃ ᠰᠤᠮᠤ ᠪᠠᠯᠭᠠᠰᠤ᠂ ᠭᠠᠴᠠᠭ᠎ᠠ᠂ ᠠᠷᠠᠳ ᠤᠨ ᠪᠦᠯᠬᠦᠮ ᠵᠢᠴᠢ ᠬᠤᠪᠢ ᠬᠥᠮᠦᠨ ᠤ ᠡᠯ᠎ᠡ ᠲᠥᠷᠥᠯ ᠤᠨ ᠨᠠᠭᠠᠳᠤᠮ ᠤᠨ ᠠᠵᠢᠯᠯᠠᠭ᠎ᠠ ᠡᠷᠭᠢᠯᠡᠬᠦ ᠶᠢ ᠴᠢᠩᠭ᠎ᠠ ᠴᠠᠭᠠᠵᠠᠯᠠᠨ᠎ᠠ᠃ ᠪᠠᠭ᠎ᠠ ᠬᠡᠪᠴᠢᠶᠡᠨ ᠤ ᠬᠤᠷᠠᠯ᠂ ᠠᠵᠢᠯᠯᠠᠭ᠎ᠠ ᠡᠷᠬᠢᠯᠡᠬᠦ ᠳᠤ ︽ᠬᠡᠨ ᠭᠤᠤᠯᠯᠠᠨ ᠡᠷᠭᠢᠯᠡᠪᠡᠯ ᠬᠡᠨ ᠬᠠᠷᠢᠭᠤᠴᠠᠬᠤ︾ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠤᠭᠯᠠᠷᠠᠯ ᠤᠨ ᠴᠢᠨᠠᠷᠲᠠᠶ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠥᠷᠭᠡᠨ ᠤᠯᠠᠨ ᠰᠠᠭᠤᠭᠠᠯᠢ ᠠᠷᠠᠳ ᠠᠯᠢ ᠴᠢᠳᠠᠬᠤ ᠪᠠᠷ ᠬᠥᠮᠦᠨ ᠤᠯᠠᠨ ᠴᠤᠭᠯᠠᠷᠠᠳᠠᠭ ᠭᠠᠵᠠᠷ ᠲᠤ ᠣᠴᠢᠬᠤ ᠠᠴᠠ ᠵᠠᠶᠢᠯᠠᠰᠬᠢᠵᠦ᠂ ᠴᠢᠬᠤᠯᠠ ᠪᠤᠰᠤ ᠬᠠᠮᠲᠤ ᠬᠤᠭᠤᠯᠠᠯᠠᠬᠤ ᠠᠵᠢᠯᠯᠠᠭ᠎ᠠ ᠶᠢ ᠪᠠᠭᠠᠰᠬᠠᠵᠤ᠂ ︽ᠬᠤᠷᠢᠮ ᠨᠠᠶᠢᠷ ᠢ ᠲᠦᠷ ᠬᠤᠶᠢᠰᠢᠯᠠᠭᠤᠯᠵᠤ᠂ ᠪᠡᠯᠪᠡᠰᠦᠷᠡᠯ ᠤᠨ ᠠᠵᠢᠯᠯᠠᠭ᠎ᠠ ᠶᠢ ᠳᠥᠭᠦᠮᠴᠢᠯᠡᠬᠦ︾ ᠵᠠᠷᠴᠢᠮ ᠶᠣᠰᠣᠭᠠᠷ ᠲᠤᠰ ᠡᠳᠦᠷ ᠠᠴᠠ ᠡᠬᠢᠯᠡᠨ ᠬᠤᠭᠤᠯᠠᠨ ᠭᠡᠷ ᠤᠳ ᠲᠤᠮᠤ ᠬᠡᠯᠪᠡᠷᠢ ᠶᠢᠨ ᠳᠠᠶᠢᠯᠠᠯᠭ᠎ᠠ ᠶᠢ ᠬᠦᠯᠢᠶᠡᠨ ᠠᠪᠬᠤ ᠶᠢ ᠲᠦᠷ ᠵᠣᠭᠰᠣᠭᠠᠵᠤ᠂ ᠭᠡᠷ ᠪᠦᠯᠢ ᠶᠢᠨ ᠬᠠᠮᠲᠤ ᠶᠢᠨ ᠬᠤᠭᠤᠯᠠᠯᠠᠭ᠎ᠠ ᠶᠢ 10 ᠬᠥᠮᠦᠨ ᠤ ᠳᠣᠲᠣᠷ᠎ᠠ ᠬᠢᠵᠠᠭᠠᠷᠯᠠᠬᠤ ᠶᠢ ᠰᠠᠨᠠᠭᠠᠴᠢᠯᠠᠵᠤ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠨ ᠲᠤᠮᠤ ᠬᠡᠯᠪᠡᠷᠢ ᠶᠢᠨ ᠴᠤᠭᠯᠠᠭᠠᠨ ᠢ ᠳᠤᠷ᠎ᠠ ᠪᠠᠷ ᠢᠶᠠᠨ ᠬᠦᠯᠢᠶᠡᠨ ᠠᠪᠤᠭᠰᠠᠨ ᠬᠤᠭᠤᠯᠠᠨ ᠭᠡᠷ ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ᠃      ᠵᠢᠷᠭᠤᠭ᠎ᠠ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠪᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠬᠥᠮᠦᠰ ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠵᠦ᠂ ᠣᠯᠠᠨ ᠨᠡᠶᠢᠲᠡ ᠶᠢᠨ ᠬᠡᠷᠡᠭᠰᠡᠯ ᠲᠠᠢ ᠣᠶᠢᠷᠠᠳᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠭᠠᠷ ᠢᠶᠠᠨ ᠦᠷᠭᠦᠯᠵᠢ ᠤᠬᠢᠶᠠᠬᠤ᠂ ᠢᠯᠡᠭᠦᠬᠡᠨ ᠰᠠᠯᠬᠢ ᠨᠡᠪᠲᠡᠷᠡᠭᠦᠯᠬᠦ᠂ ᠲᠤᠰᠠᠭᠠᠷ ᠬᠤᠭᠤᠯᠠᠯᠠᠬᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠦᠷᠭᠦᠯᠵᠢ ᠠᠷᠢᠭᠤᠳᠬᠠᠬᠤ ᠵᠡᠷᠭᠡ ᠰᠠᠶᠢᠨ ᠳᠠᠳᠬᠠᠯ ᠲᠠᠢ ᠪᠣᠯᠵᠣ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪ ᠦᠭᠡᠢ ᠪᠠᠶᠢᠳᠠᠯ ᠭᠠᠷᠪᠠᠯ ᠳᠠᠷᠤᠶ ᠲᠦᠷᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠡᠮᠨᠡᠭᠦᠯᠬᠦ ᠵᠠᠮ ᠳᠠᠭᠠᠨ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠢ᠃                             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ                                ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ                                          ᠠᠵᠢᠯ ᠤᠨ ᠵᠢᠯᠤᠭᠤᠳᠬᠤ ᠭᠠᠵᠠᠷ                                        2021 ᠤᠨ ᠤ 8 ᠰᠠᠷ᠎ᠠ ᠶᠢᠨ 4 ᠤ ᠡᠳᠦᠷ      
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号