ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2021﹈ 10 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/6
       2021 ᠣᠨ ᠤ 8 ᠰᠠᠷ᠎ᠠ ᠶᠢᠨ 5 ᠤ ᠡᠳᠦᠷ᠂ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ ᠲᠤᠬᠠᠢ ᠶᠢᠨ ᠭᠠᠵᠠᠷ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ 1 ᠡᠪᠡᠳᠴᠢᠨ ᠤ ᠵᠢᠱᠢᠶ᠎ᠡ ᠶᠢ ᠮᠡᠳᠡᠭᠦᠯᠬᠦ ᠶᠢᠨ ᠬᠠᠮᠲᠤ᠂ ᠲᠣᠰ ᠡᠳᠦᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ Ⅲᠲᠠᠰ ᠤᠨ ᠰᠡᠷᠡᠮᠵᠢᠯᠡᠭᠦᠯᠬᠦ ᠲᠥᠰᠦᠯ ᠢ ᠡᠬᠢᠯᠡᠭᠦᠯᠪᠡ᠃ ᠠᠵᠢᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠦᠯᠦᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠣᠳᠤ ᠬᠤᠯᠪᠣᠭᠳᠠᠯ ᠪᠥᠬᠦᠶ ᠵᠦᠢᠯᠡᠰ ᠢ ᠳᠣᠣᠷ᠎ᠠ ᠵᠠᠷᠯᠠᠶ᠎ᠠ᠄        ᠨᠢᠭᠡ᠂ 2021 ᠣᠨ ᠤ 7 ᠰᠠᠷ᠎ᠠ ᠶᠢᠨ 29 ᠤ ᠡᠳᠦᠷ ᠠᠴᠠ ᠨᠠᠰᠢ᠂ ᠬᠠᠶᠢᠯᠠᠷ ᠲᠤ ᠵᠤᠭᠠᠴᠠᠵᠤ ᠰᠠᠭᠤᠭᠰᠠᠨ ᠲᠡᠦᠬᠡ ᠲᠠᠢ ᠪᠤᠶᠤ ᠬᠡᠳᠦ᠋ᠢᠪᠡᠷ ᠬᠠᠶᠢᠯᠠᠷ ᠲᠤ ᠣᠴᠢᠵᠤ ᠥᠩᠭᠡᠷᠡᠭᠰᠡᠨ ᠦᠭᠡᠢ ᠪᠣᠯᠪᠠᠴᠤ ᠬᠠᠶᠢᠯᠠᠷ ᠤᠨ ᠬᠥᠮᠦᠰ ᠲᠠᠢ ᠤᠢᠢᠷᠠᠳᠤᠭᠰᠠᠨ ᠬᠥᠮᠦᠰ᠂ ᠪᠠᠶᠢᠭ᠎ᠠ ᠭᠠᠴᠠᠭ᠎ᠠ᠂ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ︵ᠬᠤᠰᠢᠭᠤᠨ ᠤ ᠣᠷᠱᠤᠨ ᠰᠤᠷᠭᠠᠭᠤᠯᠢ ᠶᠢᠨ ᠲᠠᠮᠢᠷ ᠤᠨ ᠣᠷᠳᠣᠨ︶ ᠲᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠬᠡᠷ ᠲᠡᠭᠡᠨ ᠲᠤᠰᠠᠭᠠᠷᠯᠠᠵᠤ᠂ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠡᠮᠬᠢ ᠵᠢᠷᠤᠮ ᠲᠠᠢ ᠰᠠᠶᠢᠲᠤᠷ ᠬᠢᠵᠦ ᠶᠠᠪᠤᠵᠤ ᠰᠠᠭᠤᠵᠤ ᠪᠣᠯᠣᠨ᠎ᠠ᠃ ᠡᠭᠦᠨ ᠤ ᠬᠠᠮᠲᠤ᠂ ᠬᠤᠪᠢ ᠬᠥᠮᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪ ᠥᠬᠡᠶ ᠪᠠᠶᠢᠳᠠᠯ ᠭᠠᠷᠪᠠᠯ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠴᠠᠭ ᠲᠤᠬᠠᠶ ᠳᠤᠨᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃        ᠬᠤᠶᠠᠷ᠂ ᠭᠠᠳᠠᠭᠰᠢ ᠭᠠᠷᠤᠭᠰᠠᠨ ᠵᠠᠮ ᠮᠦᠷ ᠢᠶᠠᠨ ᠵᠣᠷᠢᠭᠤᠳᠠ ᠨᠢᠭᠤᠨ ᠳᠠᠯᠳᠠᠯᠠᠭᠰᠠᠨ ᠪᠤᠶᠤ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠬᠠᠮᠵᠢᠯᠴᠠᠬᠤ ᠶᠢ ᠲᠡᠪᠴᠢᠭᠰᠡᠨ ᠠᠴᠠ ᠪᠣᠯᠵᠣ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠬᠥᠮᠦᠰ ᠠᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠠᠯᠪᠠᠨ ᠲᠤᠰᠢᠶᠠᠯᠲᠠᠨ ᠭᠠᠳᠠᠭᠰᠢ ᠭᠠᠷᠤᠭᠰᠠᠨ ᠵᠠᠮ ᠮᠦᠷ ᠢᠶᠠᠨ ᠨᠢᠭᠤᠨ ᠳᠠᠯᠳᠠᠯᠠᠭᠰᠠᠨ ᠪᠠᠶᠢᠪᠠᠯ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠳᠤ ᠲᠤᠰᠢᠶᠠᠨ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠭᠦᠯᠦᠨ᠎ᠡ᠃        ᠭᠤᠷᠪᠠ᠂ ᠮᠠᠨ ᠤ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠵᠢᠴᠢ ᠺᠠᠳ᠋ᠷ ᠠᠵᠢᠯᠲᠠᠳ ᠥᠨᠥᠳᠦᠷ ᠠᠴᠠ ᠡᠬᠢᠯᠡᠨ ᠣᠨᠴᠠᠭᠠᠶ ᠪᠠᠶᠢᠳᠠᠯ ᠥᠬᠡᠶ ᠪᠣᠯ ᠬᠤᠰᠢᠭᠤᠨ ᠠᠴᠠ ᠪᠢᠲᠡᠭᠡᠶ ᠭᠠᠷᠤᠭᠠᠷᠠᠢ᠂ ᠨᠠᠩ ᠴᠤ ᠬᠠᠶᠢᠯᠠᠷ ᠲᠣᠭᠤᠷᠢᠭ ᠲᠤ ᠣᠴᠢᠵᠤ ᠪᠣᠯᠬᠤ ᠥᠬᠡᠶ᠃ ᠬᠤᠰᠢᠭᠤᠨ ᠠᠴᠠ ᠦᠨᠡᠨᠬᠦ ᠭᠠᠷᠬᠤ ᠴᠢᠬᠤᠯᠠᠲᠠᠢ ᠪᠣᠯ ᠪᠠᠶᠢᠭ᠎ᠠ ᠪᠠᠶᠢᠭᠤᠯᠭ᠎ᠠ ᠨᠢᠭᠡᠴᠡ᠂ ᠭᠠᠴᠠᠭ᠎ᠠ᠂ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠴᠢᠬᠤᠯᠠᠲᠠᠢ ᠪᠥᠭᠡᠳ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠰᠠᠶ᠋ᠢ ᠭᠠᠳᠠᠭᠰᠢ ᠭᠠᠷᠴᠤ ᠪᠣᠯᠤᠨ᠎ᠠ᠃ ᠪᠤᠴᠠᠵᠤ ᠢᠷᠡᠭᠰᠡᠨ ᠤ ᠳᠠᠷᠠᠭ᠎ᠠ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠠᠶᠠᠯᠠᠯ ᠤᠨ ᠵᠠᠮ ᠮᠥᠷ ᠢᠶᠠᠨ ᠨᠠᠷᠢᠨ ᠬᠢᠨᠠᠮᠠᠭᠠᠶ ᠬᠠᠷᠭᠤᠭᠤᠯᠬᠤ ᠬᠡᠷᠡᠭᠲᠡᠶ᠃        ᠳᠥᠷᠪᠡ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠲᠥᠷᠥᠯ ᠤᠨ ᠡᠵᠡᠩᠨᠡᠯᠲᠡ ᠶᠢᠨ ᠲᠣᠤᠷ ᠴᠡᠭ ᠤᠳ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠪᠥᠬᠦ ᠠᠵᠢᠯᠲᠠᠳ ᠤᠨ ᠥᠷᠯᠥᠭᠡ ᠦᠳᠡ ᠶᠢᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠰᠠᠯᠬᠢ ᠵᠢᠪᠠᠷ ᠨᠡᠪᠲᠡᠷᠡᠭᠦᠯᠦᠨ ᠠᠷᠢᠭᠤᠳᠬᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠬᠠᠯᠠᠭᠤᠷᠠᠵᠤ ᠪᠠᠶᠢᠭ᠎ᠠ ᠡᠪᠡᠳᠴᠢᠲᠡᠨ ᠢ ᠣᠯᠵᠤ ᠮᠡᠳᠡᠪᠡᠯ ᠳᠠᠷᠦ᠋ᠢᠬᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠭᠡᠵᠦ ᠡᠮᠨᠡᠭᠦᠯᠬᠦ ᠬᠡᠷᠡᠭᠲᠡᠢ᠃ ᠬᠥᠮᠦᠨ ᠤᠯᠠᠨ ᠴᠤᠭᠯᠠᠷᠠᠭᠰᠠᠨ ᠭᠠᠵᠠᠷ ᠲᠤ ᠣᠴᠢᠬᠤ ᠠᠴᠠ ᠵᠠᠶᠢᠯᠠᠰᠬᠢᠵᠦ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ︽ᠨᠢᠭᠡ ᠮᠧᠲᠷ ᠤᠨ ᠵᠠᠢ︾ ᠶᠢ ᠪᠠᠲᠤᠯᠠᠬᠤ ᠡᠷᠡᠭᠦᠯ ᠬᠠᠮᠠᠭᠠᠯᠠᠯ ᠤᠨ ᠰᠠᠶᠢᠨ ᠳᠠᠳᠬᠠᠯ ᠢ ᠪᠣᠶ ᠪᠣᠯᠭᠠᠬᠤ ᠬᠡᠷᠡᠭᠲᠡᠶ᠃        ᠲᠠᠪᠤ᠂ ᠡᠵᠡᠩᠨᠡᠯᠲᠡ ᠶᠢᠨ ᠪᠤᠰᠤ ᠮᠠᠰᠢᠨ ᠲᠡᠷᠭᠡ ᠬᠠᠶᠢᠯᠠᠷ ᠪᠠ ᠮᠠᠨ ᠤ ᠬᠤᠰᠢᠭᠤᠨ ᠤ ᠬᠤᠭᠤᠷᠣᠨᠳᠣ ᠠᠶᠠᠨᠴᠢᠨ ᠲᠡᠭᠡᠭᠡᠪᠦᠷᠢᠯᠡᠵᠦ ᠪᠣᠯᠬᠤ ᠥᠬᠡᠶ᠂ ᠣᠯᠵᠤ ᠮᠡᠳᠡᠭᠳᠡᠬᠦ ᠶᠢᠨ ᠬᠠᠮᠲᠤ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠢᠩᠭ᠎ᠠ ᠪᠥᠭᠡᠳ ᠬᠦᠨᠳᠦ ᠪᠠᠷ ᠰᠢᠢᠳᠬᠡᠨ᠎ᠡ᠃        ᠵᠢᠷᠭᠤᠭ᠎ᠠ᠂ ᠲᠣᠰ ᠡᠳᠦᠷ ᠠᠴᠠ ᠡᠬᠢᠯᠡᠨ ᠬᠤᠰᠢᠭᠤᠨ ᠤ ᠬᠡᠪᠴᠢᠶᠡᠨ ᠳᠠᠬᠢ ᠪᠣᠶ ᠪᠥᠬᠦᠶ ᠰᠢᠲᠠᠷ᠎ᠠ ᠶᠢᠨ ᠦᠷᠦᠭᠡ᠂ ᠴᠢᠴᠢᠭᠦᠷ ᠪᠥᠮᠪᠦᠭᠡ ᠶᠢᠨ ᠲᠢᠩᠬᠢᠮ᠂ KTV᠂ ᠰᠦᠯᠵᠢᠶᠡᠨ ᠪᠠᠭᠠᠷ᠂ ᠪᠡᠶ᠎ᠡ ᠶᠢᠨ ᠲᠠᠮᠢᠷ ᠤᠨ ᠣᠷᠳᠣᠨ ᠪᠠ ᠬᠤᠪᠢ ᠶᠢᠨ ᠡᠭᠦᠳᠡᠨ ᠡᠮᠨᠡᠯᠭᠡ ᠶᠢᠨ ᠡᠵᠡᠩᠨᠡᠯᠲᠡ ᠶᠢ ᠲᠦᠷ ᠵᠣᠭᠰᠣᠭᠠᠨ᠎ᠠ᠃ ᠬᠤᠭᠤᠯᠠᠨ ᠭᠡᠷ ᠤᠳ ᠴᠥᠮ ᠲᠤᠮᠤ ᠬᠡᠯᠪᠡᠷᠢ ᠶᠢᠨ ᠳᠠᠶᠢᠯᠠᠯᠭ᠎ᠠ ᠶᠢ ᠬᠥᠯᠢᠶᠡᠨ ᠠᠪᠴᠤ ᠪᠣᠯᠬᠤ ᠥᠭᠡᠢ᠂ ᠡᠳᠦᠷ ᠲᠤᠳᠤᠮ ᠤᠨ ᠬᠥᠯᠢᠶᠡᠨ ᠠᠪᠬᠤ ᠶᠡᠷᠦᠩᠬᠡᠶ ᠬᠡᠮᠵᠢᠶ᠎ᠡ ᠶᠢᠨ 50% ᠶᠢᠨ ᠬᠡᠪᠴᠢᠶᠡᠨ ᠳᠣᠲᠣᠷ᠎ᠠ ᠡᠵᠡᠩᠨᠡᠵᠦ᠂ ᠡᠵᠡᠩᠨᠡᠭᠴᠢ ᠬᠢᠭᠡᠳ ᠵᠣᠴᠢᠳ ᠴᠥᠮ ᠠᠮᠠᠪᠴᠢ ᠵᠡᠭᠦᠵᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠤ ᠶᠢᠨ ᠨᠣᠮᠧᠷ ᠢ ᠪᠠᠶᠢᠴᠠᠭᠠᠨ ᠯᠠᠪᠯᠠᠬᠤ᠂ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠨᠡᠶᠢᠴᠡᠬᠦ ᠥᠭᠡᠢ ᠡᠵᠡᠩᠨᠡᠯᠲᠡ ᠶᠢᠨ ᠲᠠᠯᠠᠪᠤᠷ ᠭᠠᠵᠠᠷ ᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠳᠠᠷᠦ᠋ᠢᠬᠠᠨ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠬᠦ ᠬᠡᠷᠡᠭᠲᠡᠶ᠃        ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ᠄ 6400090        ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄ 0470—6402436        ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠷᠢᠯᠴᠠᠬᠤ ᠤᠲᠠᠰᠤ᠄ 0470—6401976                ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                                2021 ᠤᠨ ᠤ 8 ᠰᠠᠷ᠎ᠠ ᠶᠢᠨ 5 ᠤ ᠡᠳᠦᠷ
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号