ᠪᠦᠬᠦ ᠬᠤᠰᠢᠭᠤᠨ ᠤ ᠦᠷᠭᠡᠨ ᠣᠯᠠᠨ ᠰᠠᠭᠤᠭᠠᠯᠢ ᠠᠷᠠᠳ ᠲᠤ᠄ | ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ Ⅲᠳᠡᠰ ᠤᠨ | ᠰᠡᠷᠡᠮᠵᠢᠯᠡᠭᠦᠯᠦᠯ ᠢ ᠨᠡᠶᠢᠲᠡᠯᠡᠬᠦ ᠲᠤᠬᠠᠶ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠠᠯᠪᠠᠨ ᠵᠠᠷᠯᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠬᠥᠮᠦᠰ ᠢ ᠵᠢᠭᠰᠠᠭᠠᠨ | ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ 2021 ᠣᠨ ᠤ 7 ᠰᠠᠷ᠎ᠠ ᠶᠢᠨ | 29 ᠤ ᠡᠳᠦᠷ ᠠᠴᠠ ᠨᠠᠰᠢ᠂ ᠬᠠᠶᠢᠯᠠᠷ ᠲᠣᠭᠤᠷᠢᠭ ᠲᠤ ᠵᠢᠭᠤᠯᠴᠢᠯᠠᠵᠤ ᠰᠠᠭᠤᠭᠰᠠᠨ ᠲᠡᠤᠬᠡ ᠲᠠᠢ ᠪᠤᠶᠤ ᠲᠣᠰ | ᠬᠥᠮᠦᠨ ᠨᠢ ᠬᠡᠳᠦ᠋ᠢᠪᠡᠷ ᠣᠴᠢᠵᠤ ᠥᠩᠭᠡᠷᠡᠭᠰᠡᠨ ᠥᠬᠡᠶ ᠪᠣᠯᠪᠠᠴᠤ ᠬᠠᠶᠢᠯᠠᠷ ᠤᠨ ᠬᠥᠮᠦᠰ ᠲᠠᠢ ᠣᠶᠢᠷᠠᠲᠤᠭᠰᠠᠨ | ᠲᠡᠤᠬᠡ ᠲᠠᠢ ᠬᠥᠮᠦᠰ ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠣᠷᠱᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠣᠷᠳᠣᠨ ᠳᠤ ᠬᠦᠷᠴᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠬᠢᠭᠡᠷᠡᠶ᠂ ᠪᠣᠳᠠᠲᠠᠶ ᠤᠴᠢᠷ ᠢ | ᠳᠣᠣᠷ᠎ᠠ ᠮᠡᠳᠡᠭᠳᠡᠶ᠎ᠡ᠄ | ᠨᠢᠭᠡ᠂ ᠰᠢᠯᠭᠠᠨ ᠪᠠᠶᠢᠴᠠᠭᠠᠯᠲᠠ ᠬᠢᠬᠦ ᠴᠠᠭ᠄ | 8 ᠰᠠᠷ᠎ᠠ ᠶᠢᠨ 5 ᠤ ᠡᠳᠦᠷ ᠤᠨ 15᠄ 00 ᠠᠴᠠ ᠡᠬᠢᠯᠡᠨ ᠡᠳᠦᠷ ᠪᠦᠷᠢ ᠶᠢᠨ 8᠄ 30 - 19᠄ 00 | ᠬᠦᠷᠲᠡᠯ᠎ᠡ | ᠬᠤᠶᠠᠷ᠂ ᠰᠢᠯᠭᠠᠨ ᠪᠠᠶᠢᠴᠠᠭᠠᠯᠲᠠ ᠬᠢᠬᠦ ᠭᠠᠵᠠᠷ᠄ | ᠬᠤᠰᠢᠭᠤᠨ ᠤ ᠣᠷᠱᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ | ᠭᠤᠷᠪᠠ᠂ ᠠᠩᠬᠠᠷᠬᠤ ᠵᠦᠢᠯ᠄ | 1. ᠰᠢᠯᠭᠠᠨ ᠪᠠᠶᠢᠴᠠᠭᠠᠯᠲᠠ ᠬᠢᠬᠦ ᠬᠦᠮᠦᠰ ᠡᠮᠬᠢ ᠵᠢᠷᠤᠮ ᠲᠠᠢ ᠪᠠᠷ ᠮᠦᠷᠯᠡᠨ᠂ ᠠᠮᠠᠪᠴᠢ ᠪᠠᠨ ᠰᠠᠶᠢᠲᠤᠷ | ᠵᠡᠭᠦᠵᠦ᠂ ᠨᠢᠭᠡ ᠮᠧᠲᠷ ᠠᠴᠠ ᠳᠡᠭᠡᠭᠰᠢ ᠵᠠᠢ ᠲᠠᠢ ᠪᠠᠶᠢᠬᠤ ᠶᠢ ᠪᠠᠲᠤᠯᠠᠨ᠂ ᠶᠠᠷᠢᠯᠴᠠᠬᠤ ᠥᠬᠡᠶ᠂ ᠴᠤᠭᠯᠠᠷᠠᠬᠤ ᠥᠬᠡᠶ | ᠪᠠᠶᠢᠵᠤ᠂ ᠥᠪᠡᠷ ᠢ ᠪᠠᠨ ᠰᠠᠶᠢᠲᠤᠷ ᠬᠠᠮᠠᠭᠠᠯᠠᠬᠤ ᠬᠡᠷᠡᠭᠲᠡᠶ︔ | 2. ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠣᠨᠣᠪᠴᠢᠲᠤ ᠴᠢᠨᠠᠷ ᠢ ᠪᠠᠲᠤᠯᠠᠬᠤ ᠶᠢᠨ ᠲᠥᠯᠥᠭᠡ᠂ | ᠪᠠᠶᠢᠴᠠᠭᠠᠯᠲᠠ ᠬᠢᠬᠦ ᠬᠦᠮᠦᠰ ᠬᠤᠶᠠᠷ ᠴᠠᠭ ᠤᠨ ᠳᠣᠲᠣᠷ᠎ᠠ ᠬᠤᠭᠤᠯᠠ ᠢᠳᠡᠬᠦ᠂ ᠲᠠᠮᠠᠬᠢ ᠲᠠᠲᠠᠵᠤ ᠠᠷᠢᠬᠢ ᠤᠤᠭᠤᠬᠤ | ᠪᠤᠶᠤ ᠵᠠᠵᠢᠯᠤᠭᠤᠷ ᠰᠢᠬᠢᠷ ᠵᠠᠵᠢᠯᠵᠤ ᠪᠣᠯᠬᠤ ᠦᠭᠡᠢ᠂ ᠪᠥᠭᠡᠯᠵᠢᠬᠦ ᠠᠴᠠ ᠰᠡᠷᠭᠡᠶᠢᠯᠡᠬᠦ ᠶᠢᠨ ᠬᠠᠮᠲᠤ᠂ ᠪᠡᠶ᠎ᠡ ᠶᠢᠨ | ᠦᠨᠡᠮᠯᠡᠯ ᠢᠶᠠᠨ ᠠᠪᠴᠤ᠂ ᠠᠮᠤᠷ ᠲᠦᠪᠰᠢᠨ ᠤ ᠬᠠᠮᠠᠭᠠᠯᠠᠯᠲᠠ ᠪᠠ ᠬᠤᠪᠢ ᠬᠥᠮᠦᠨ ᠤ ᠡᠷᠡᠭᠦᠯ ᠬᠠᠮᠠᠭᠠᠯᠠᠯ ᠢ ᠰᠠᠶᠢᠲᠤᠷ | ᠬᠢᠬᠦ ᠬᠡᠷᠡᠭᠲᠡᠢ᠃ | | ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ | 2021 ᠣᠨ ᠤ 8 ᠰᠠᠷ᠎ᠠ ᠶᠢᠨ 5 ᠤ ᠡᠳᠦᠷ |