ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2021﹈ 11 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/9
       ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠳᠤᠯᠢᠶᠠᠨᠲᠠᠶ ᠪᠠᠶᠢᠳᠠᠯ ᠳᠤ ᠰᠠᠭᠤᠷᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠪᠠᠲᠤᠯᠠᠬᠤ ᠶᠢᠨ ᠲᠦᠯᠦᠭᠡ᠂ 9 ᠳ᠋ᠦ᠋ᠭᠡᠷ ᠲᠣᠭᠠᠲᠤ᠂ 10 ᠳ᠋ᠤᠭᠠᠷ ᠲᠣᠭᠠᠲᠤ ᠠᠯᠪᠠᠨ ᠵᠠᠷᠯᠠᠯ ᠤᠨ ᠰᠠᠭᠤᠷᠢᠨ ᠳᠡᠭᠡᠷ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠴᠢᠩᠭᠠᠳᠬᠠᠬᠤ ᠪᠠᠷ ᠪᠣᠯᠪᠠ᠃ ᠤᠳᠤ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠵᠠᠷᠯᠠᠶ᠎ᠠ᠄        ᠨᠢᠭᠡ᠂ ᠤᠯᠤᠰ ᠤᠨ ᠳᠣᠲᠣᠭᠠᠳᠤ ᠶᠢᠨ ᠳᠤᠮᠳᠠ ᠦᠨᠳᠦᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠵᠢᠴᠢ ᠲᠡᠭᠦᠨ ᠤ ᠪᠠᠶᠢᠭ᠎ᠠ ᠬᠤᠲᠠ ︵ᠭᠠᠵᠠᠷ ᠤᠨ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ︶ ᠶᠢᠨ ᠬᠥᠮᠦᠰ ᠮᠠᠨ ᠤ ᠬᠤᠰᠢᠭᠤᠨ ᠳᠤ ᠢᠷᠡᠬᠦ ᠪᠠᠨ ᠲᠦᠷ ᠬᠤᠶᠢᠰᠢᠯᠠᠭᠤᠯᠬᠤ ᠶᠢ ᠰᠠᠨᠠᠭᠤᠯᠵᠤ ᠪᠠᠶᠢᠨ᠎ᠠ᠃ ᠦᠨᠡᠨᠬᠦ ᠮᠠᠨ ᠤ ᠬᠤᠰᠢᠭᠤᠨ ᠳᠤ ᠪᠤᠴᠠᠵᠤ ᠢᠷᠡᠬᠦ ᠴᠢᠬᠤᠯᠠᠲᠠᠢ ᠪᠣᠯ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠮᠡᠳᠡᠭᠦᠯᠦᠯᠲᠡ ᠶᠢ ᠠᠪᠴᠤ᠂ ᠵᠠᠮ ᠵᠠᠭᠤᠷ᠎ᠠ ᠪᠠᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ᠂ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ᠂ ᠭᠠᠴᠠᠭᠠᠨ ᠳᠠᠭᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠪᠥᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠬᠠᠮᠵᠢᠯᠴᠠᠬᠤ ᠬᠡᠷᠡᠭᠲᠡᠢ᠃ ᠠᠶᠠᠨ ᠤ ᠵᠠᠮ ᠢᠶᠠᠨ ᠵᠣᠷᠢᠭᠤᠳᠠ ᠨᠢᠭᠤᠨ ᠳᠠᠯᠳᠠᠯᠠᠵᠤ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ ᠲᠤᠬᠠᠶ ᠶᠢᠨ ᠬᠥᠮᠦᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠬᠤᠶᠠᠷ᠂ ᠲᠣᠰ ᠡᠳᠦᠷ ᠠᠴᠠ ᠡᠬᠢᠯᠡᠨ ᠬᠤᠰᠢᠭᠤᠨ ᠤ ᠬᠡᠪᠴᠢᠶᠡᠨ ᠳᠠᠬᠢ ᠪᠣᠶ ᠪᠥᠬᠦᠶ ᠤᠬᠢᠶᠠᠯᠭ᠎ᠠ ᠶᠢᠨ ᠭᠠᠵᠠᠷ᠂ ᠺᠢᠨᠣ᠋ ᠲᠢᠶᠠᠲᠷ᠂ ᠨᠣᠮ ᠤᠨ ᠰᠠᠩ᠂ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠯ ᠤᠨ ᠪᠠᠶᠢᠭᠤᠯᠤᠮᠵᠢ᠂ ᠬᠤᠪᠢ ᠶᠢᠨ ᠬᠡᠤᠬᠡᠳ ᠤᠨ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠭᠠᠵᠠᠷ ᠵᠡᠷᠭᠡ ᠲᠠᠯᠠᠪᠤᠷ ᠤᠨ ᠡᠵᠡᠩᠨᠡᠯᠲᠡ ᠶᠢ ᠲᠦᠷ ᠵᠣᠭᠰᠣᠭᠠᠨ᠎ᠠ᠃ ᠡᠯ᠎ᠡ ᠠᠭᠤᠳᠠᠮ ᠲᠠᠯᠠᠪᠠᠶ ᠶᠢᠨ ᠬᠡᠦᠬᠡᠳ ᠤᠨ ᠵᠤᠭ᠎ᠠ ᠴᠡᠩᠭᠡᠯ ᠤᠨ ᠲᠥᠬᠦᠭᠡᠷᠦᠮᠵᠢ᠂ ᠵᠠᠮ ᠤᠨ ᠬᠠᠵᠠᠭᠤ ᠶᠢᠨ ᠵᠢᠵᠢᠭ ᠢᠳᠡᠭᠡᠨ ᠤ ᠭᠠᠵᠠᠷ ᠤᠨ ᠡᠵᠡᠩᠨᠡᠯᠲᠡ ᠶᠢ ᠲᠦᠷ ᠵᠣᠭᠰᠣᠭᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠭᠢᠨᠳᠠᠨ ᠤ ᠭᠠᠵᠠᠷ ᠢ ᠪᠢᠲᠡᠭᠦᠮᠵᠢᠯᠡᠨ ᠬᠠᠮᠢᠶᠠᠷᠴᠤ᠂ ᠡᠷᠭᠢᠵᠦ ᠦᠵᠡᠬᠦ ᠶᠢ ᠲᠦᠷ ᠵᠣᠭᠰᠣᠭᠠᠨ᠎ᠠ᠃ ᠡᠮ ᠤᠨ ᠳᠡᠯᠭᠡᠭᠦᠷ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ᠂ ᠪᠠᠺᠲ᠋ᠧᠷᠢ ᠢ ᠡᠰᠡᠷᠭᠦᠴᠡᠬᠦ ᠵᠡᠷᠭᠡ ᠳᠥᠷᠪᠡᠨ ᠲᠥᠷᠥᠯ ᠤᠨ ᠡᠮ ᠤᠨ ᠵᠦᠢᠯ ᠢ ᠪᠣᠷᠣᠯᠠᠭᠤᠯᠬᠤ ᠪᠠᠨ ᠲᠦᠷ ᠵᠣᠭᠰᠣᠵᠤ᠂ ᠥᠷᠭᠡᠨ ᠣᠯᠠᠨ ᠰᠠᠭᠤᠭᠠᠯᠢ ᠠᠷᠠᠳ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤ ᠳᠠᠷᠠᠭ᠎ᠠ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ᠃        ᠭᠤᠷᠪᠠ᠂ ᠭᠠᠳᠠᠨ᠎ᠠ ᠣᠷᠣᠨ ᠤ ᠵᠤᠭᠠᠴᠠᠭᠰᠠᠳ ᠵᠢᠴᠢ ᠮᠠᠨ ᠤ ᠬᠤᠰᠢᠭᠤᠨ ᠤ ᠰᠠᠭᠤᠭᠠᠯᠢ ᠠᠷᠠᠳ ᠬᠥᠯᠥᠨ ᠨᠠᠭᠤᠷ ᠤᠨ ᠡᠷᠬᠢᠨ ᠲᠣᠭᠤᠷᠢᠨ ᠳᠤ ᠬᠠᠮᠲᠤ ᠶᠢᠨ ᠬᠤᠭᠤᠯᠠᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠬᠥᠯᠥᠨ ᠨᠠᠭᠤᠷ ᠤᠨ ᠡᠷᠬᠢᠨ ᠲᠣᠭᠤᠷᠢᠨ ᠳᠤ ᠮᠠᠶᠢᠬᠠᠨ ᠪᠤᠰᠬᠠᠬᠤ᠂ ᠪᠠᠭᠤᠳᠠᠯᠯᠠᠬᠤ ᠲᠡᠷᠭᠡ ᠵᠢᠯᠣᠭᠤᠳᠬᠤ ᠵᠡᠷᠭᠡ ᠬᠡᠯᠪᠡᠷᠢ ᠪᠠᠷ ᠣᠷᠳᠣ ᠬᠤᠭᠤᠴᠠᠭ᠎ᠠ ᠪᠠᠷ᠂ ᠣᠯᠠᠨ ᠬᠥᠮᠦᠨ ᠴᠤᠭᠯᠠᠷᠠᠬᠤ ᠶᠢ ᠴᠢᠩᠭ᠎ᠠ ᠴᠠᠭᠠᠵᠠᠯᠠᠨ᠎ᠠ᠃        ᠳᠥᠷᠪᠡ᠂ ᠬᠤᠰᠢᠭᠤᠨ ᠤ ᠬᠡᠪᠴᠢᠶᠡᠨ ᠳᠠᠬᠢ ᠡᠳᠦᠷ ᠲᠤᠲᠤᠮ ᠤᠨ ᠬᠡᠷ ᠲᠦᠷᠢᠶᠡᠰᠦᠯᠡᠬᠦ᠂ ᠠᠷᠠᠳ ᠤᠨ ᠭᠡᠷ ᠪᠠᠭᠤᠳᠠᠯ ᠳᠤ ᠳᠠᠶᠢᠯᠠᠯᠭ᠎ᠠ ᠶᠢ ᠭᠥᠯᠢᠶᠡᠨ ᠠᠪᠴᠤ ᠪᠣᠯᠬᠤ ᠥᠬᠡᠶ᠂ ᠣᠯᠵᠤ ᠮᠡᠳᠡᠪᠡᠯ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠢᠩᠭ᠎ᠠ ᠰᠢᠢᠳᠬᠡᠨ᠎ᠡ᠃        ᠲᠠᠪᠤ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠂ ᠮᠠᠨ ᠤ ᠬᠤᠰᠢᠭᠤᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠪᠦᠬᠦᠯᠢ ᠠᠷᠪᠠᠨ ᠨᠠᠢᠮᠠᠨ ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠳᠠᠷᠦ᠋ᠢᠬᠠᠨ ᠸᠠᠺᠼᠢᠨ ᠤ ᠲᠠᠷᠢᠯᠭ᠎ᠠ ᠬᠢᠬᠦ ᠴᠡᠭ ᠲᠤ ᠬᠦᠷᠴᠦ ᠸᠠᠺᠼᠢᠨ ᠤ ᠲᠠᠷᠢᠯᠭ᠎ᠠ ᠬᠢᠯᠭᠡᠵᠦ᠂ ᠦᠯᠦ ᠬᠠᠯᠳᠠᠭᠠᠬᠤ ᠬᠠᠯᠬᠠᠪᠴᠢ ᠶᠢ ᠪᠠᠬᠢᠵᠢᠭᠦᠯᠬᠦ ᠶᠢ ᠬᠦᠰᠡᠵᠦ ᠪᠠᠶᠢᠨ᠎ᠠ᠃               ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                2021 ᠣᠨ ᠤ 8 ᠰᠠᠷ᠎ᠠ ᠶᠢᠨ 7 ᠤ ᠡᠳᠦᠷ
 
ᠢᠷᠡᠯᠲᠡ᠄ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号