ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠬᠥᠯᠥᠨ ᠪᠠᠯᠭᠠᠰᠤᠨ ᠳᠤ ᠭᠦᠨᠵᠡᠭᠡᠶᠢᠷᠡᠵᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠢᠨᠠᠨ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/8/9
     ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢ ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠭᠥᠯᠤᠨ ᠪᠠᠯᠭᠠᠰᠤᠨ ᠳᠤ ᠭᠦᠨᠵᠡᠭᠡᠶᠢᠷᠡᠨ᠂ 2021 ᠤᠨ ᠤ ᠬᠤᠶᠠᠳᠣᠭᠠᠷ ᠤᠯᠠᠷᠢᠯ ᠤᠨ ᠥᠨᠳᠣᠰᠣᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠬᠢᠨᠠᠨ ᠪᠠᠶᠢᠴᠠᠭᠠᠵᠤ ᠵᠢᠭᠠᠨ ᠵᠢᠯᠤᠭᠤᠳᠪᠠ᠃      ᠲᠤᠰ ᠤᠳᠠᠭᠠᠨ ᠤ ᠬᠢᠨᠠᠨ ᠪᠠᠶᠢᠴᠠᠭᠠᠯᠲᠠ ᠳᠤ ᠭᠤᠣᠯᠳᠠᠭᠤ ᠬᠡᠰᠡᠭ ᠨᠠᠮ ᠤᠨ ᠡᠭᠦᠷ ᠤᠨ ᠬᠤᠶᠠᠳᠤᠭᠠᠷ ᠤᠯᠠᠷᠢᠯ ᠤᠨ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ  ᠨᠠᠶᠢᠳᠠᠪᠤᠷᠢᠵᠢᠭᠤᠯᠤᠭᠰᠠᠨ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢᠨ ᠰᠢᠷᠢᠰ ᠠᠵᠢᠯᠯᠠᠭ᠎ᠠ ᠶᠢ ᠥᠷᠨᠢᠭᠦᠯᠤᠭ᠍ᠰᠡᠨ᠂ ᠨᠠᠮ ᠤᠨ ᠰᠦᠢᠳᠬᠡᠯ ᠬᠤᠷᠢᠶᠠᠭᠰᠠᠨ ᠪᠠᠶᠢᠳᠠᠯ᠂ ︽ᠨᠠᠮ ᠤᠨ ᠶᠠᠪᠤᠳᠠᠯ︾ ᠢ ᠢᠯᠡ ᠪᠤᠯᠭᠠᠭᠰᠠᠨ᠂ ︽ᠳᠥᠷᠪᠡ ᠶᠢ ᠵᠥᠪᠯᠡᠨ ᠬᠤᠶᠠᠷ ᠢ ᠢᠯᠡ ᠪᠣᠯᠭᠠᠬᠤ︾ ᠵᠡᠷᠭᠡ ᠲᠠᠯ᠎ᠠ ᠳᠤ ᠰᠤᠭᠤᠴᠢᠨ ᠪᠠᠶᠢᠴᠠᠭᠠᠯᠲᠠ ᠬᠢᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠰᠠᠨ ᠰᠠᠶᠢᠵᠢᠷᠠᠭᠤᠯᠬᠤ ᠠᠷᠭ᠎ᠠ ᠭᠡᠮᠵᠢᠶ᠎ᠠ ᠲᠤᠷᠠᠳᠪᠠ᠃      ᠲᠤᠰ ᠤᠳᠠᠭᠠᠨ ᠤ ᠪᠠᠶᠢᠴᠠᠭᠠᠯᠲᠠ ᠨᠢ ᠨᠠᠮ ᠤᠨ ᠪᠠᠶᠢᠭᠤᠯᠤᠯᠲᠠ ᠶᠢᠨ ᠠᠵᠢᠯ ᠤᠨ ᠮᠠᠲ᠋ᠧᠷᠢᠶᠠᠯ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠥᠷᠢᠮᠵᠢᠭᠰᠡᠨ᠂ ᠪᠠᠷᠢᠮᠵᠢᠶᠠᠵᠢᠭᠰᠠᠨ᠂ ᠰᠢᠰᠲ᠋ᠧᠮᠵᠢᠭᠰᠡᠨ ᠵᠢᠴᠢ ᠳᠤᠲᠠᠭᠳᠠᠯ ᠢ ᠪᠦᠬᠦ ᠲᠠᠯ᠎ᠠ ᠪᠠᠷ ᠨᠥᠬᠦᠪᠥᠷᠢᠯᠡᠬᠦ ᠳᠤ ᠪᠠᠲᠤ ᠴᠢᠩᠭ᠎ᠠ ᠰᠠᠭᠤᠷᠢ ᠪᠠᠲᠤᠯᠠᠭ᠎ᠠ ᠬᠠᠩᠭᠠᠭᠰᠠᠨ ᠪᠥᠭᠡᠳ ᠭᠥᠯᠤᠨ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠵᠢᠯ ᠤᠨ ᠠᠬᠢᠴᠠ ᠶᠢ ᠪᠦᠲᠦᠮᠵᠢᠲᠡᠢ ᠠᠬᠢᠭᠤᠯᠵᠠᠢ᠃                      ᠬᠠᠮ ᠵᠠᠭᠤᠴᠢᠯᠠᠭᠤᠷ ᠤᠨ ᠲᠥᠪ ᠤᠨ ᠰᠣᠷᠪᠤᠯᠵᠢᠯᠠᠭᠴᠢ ᠰᠣᠯᠣᠩᠭᠤᠸ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号