ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠦᠬᠦ ᠬᠦᠴᠦ ᠪᠠᠨ ᠲᠦᠪᠯᠡᠷᠡᠭᠦᠯᠦᠨ ᠠᠵᠢᠯᠯᠠᠵᠤ ᠪᠣᠢ
ᠨᠡᠶᠢᠲᠡᠯᠡᠭᠰᠡᠨ ᠴᠠᠭ᠄
2021/8/9
     ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠪᠠᠶᠢᠳᠠᠯ ᠢ ᠦᠨᠳᠦᠰᠦᠯᠡᠨ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠪᠦᠬᠦ ᠬᠠᠤᠯᠢ ᠬᠡᠷᠡᠭᠵᠢᠭᠦᠯᠬᠦ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦ ᠪᠠᠨ ᠲᠦᠪᠯᠡᠷᠡᠭᠦᠯᠵᠦ᠂ ᠬᠠᠮᠢᠶᠠᠷᠤᠯᠲᠠ ᠶᠢᠨ ᠬᠠᠷᠢᠶᠠᠳᠥ ᠣᠷᠣᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ 5 ᠲᠣᠭᠤᠷᠢᠭ ᠬᠤᠪᠢᠶᠠᠵᠤ᠂ 5 ᠳᠤᠭᠤᠶᠢᠯᠠᠩ 27 ᠬᠠᠤᠯᠢ ᠬᠡᠷᠡᠭᠵᠢᠭᠦᠯᠦᠭᠴᠢ ᠵᠡᠷᠭᠡᠪᠡᠷ ᠬᠥᠳᠡᠯᠥᠯᠴᠠᠨ᠂ ᠪᠦᠬᠦ ᠬᠤᠰᠢᠭᠤᠨ ᠤ ᠬᠤᠳᠠᠯᠳᠤᠭᠠᠴᠢᠳ ᠤᠨ ᠬᠦᠷᠢᠶ᠎ᠡ ᠬᠡᠪᠴᠢᠶ᠎ᠡ ᠢᠯᠭᠠᠯ ᠦᠭᠡᠢ᠂ ᠠᠵᠢᠯ ᠲᠥᠷᠥᠯ ᠢᠯᠭᠠᠯ ᠦᠭᠡᠢ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ᠂ ᠡᠷᠦᠬᠡ ᠳᠠᠷᠠᠭᠠᠯᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠬᠢᠵᠦ᠂ ᠬᠤᠳᠠᠯᠳᠤᠭᠠᠴᠢᠨ ᠡᠷᠥᠭᠡ ᠶᠢ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠱᠠᠭᠠᠷᠳᠠᠬᠰᠠᠨ ᠤ ᠬᠠᠮᠳᠥ ᠲᠡᠯᠭᠡᠭᠦᠷ ᠤᠨ ᠠᠵᠢᠯᠳᠡᠨ ᠢ ᠠᠮᠠᠪᠴᠢ ᠪᠠᠨ ᠵᠡᠬᠦᠵᠦ᠂ ᠪᠡᠶ᠎ᠡ ᠶᠢᠨ ᠲᠣᠯᠠᠭᠠᠨ ᠢ ᠪᠠᠶᠢᠴᠠᠭᠠᠵᠦ᠂ ᠰᠠᠶᠢᠳᠣᠷ ᠲᠠᠩᠰᠠᠯᠠᠨ ᠲᠡᠮᠳᠡᠭᠯᠡᠵᠦ᠂ ᠡᠵᠡᠩᠨᠡᠯᠳᠡ ᠶᠢᠨ ᠲᠠᠯᠠᠪᠣᠷ ᠢ ᠡᠳᠥᠷ ᠪᠥᠷᠢ ᠠᠷᠢᠭᠤᠳᠬᠠᠯ ᠬᠢᠬᠦ ᠶᠢ ᠪᠠᠳᠣᠯᠠᠵᠦ᠂ ᠠᠷᠢᠭᠤᠳᠬᠠᠯ ᠬᠢᠬᠦ ᠪᠥᠷᠢ ᠬᠠᠮᠢᠶ᠎ᠠ ᠪᠦᠬᠦᠢ ᠲᠡᠮᠳᠡᠭᠯᠡᠯ ᠬᠢᠵᠦ᠂ ᠲᠣᠬᠠᠶᠢᠯᠠᠬᠰᠠᠨ ᠠᠵᠢᠯᠲᠠᠳ ᠤᠨ ᠡᠷᠲᠡ ᠶᠢᠨ ᠪᠠᠶᠢᠴᠠᠭᠠᠯᠳᠡ ᠶᠢᠨ ᠲᠡᠮᠳᠡᠭᠯᠡᠯ ᠵᠡᠷᠭᠡ ᠶᠢ ᠰᠠᠶᠢᠳᠣᠷ ᠬᠢᠬᠦ ᠬᠡᠷᠡᠭᠳᠠᠢ ᠭᠡᠵᠦ ᠱᠠᠭᠠᠷᠳᠠᠪᠠ᠃      ᠣᠳᠣᠬᠠᠨ ᠳᠤ᠂ ᠬᠤᠳᠠᠯᠳᠤᠭ᠎ᠠ᠂ ᠡᠮ ᠤᠨ ᠳᠡᠯᠭᠡᠭᠦᠷ ᠵᠡᠷᠭᠡ ᠭᠠᠵᠠᠷ ᠲᠤ 1000 ᠭᠠᠷᠤᠢ ᠤᠳᠠᠭ᠎ᠠ ᠬᠢᠨᠠᠨ ᠪᠠᠶᠢᠴᠠᠭᠠᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠴᠢᠷᠮᠠᠶᠢᠨ ᠪᠠᠶᠢᠭᠤᠯᠵᠤ᠂ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠠᠯᠠᠪᠤᠷ ᠤᠨ ᠬᠠᠮᠢᠶᠠᠷᠤᠨ ᠡᠵᠡᠮᠳᠡᠬᠦ  ᠶᠢ ᠴᠢᠩᠭᠠᠷᠠᠭᠤᠯᠣᠨ᠂ ᠡᠵᠡᠩᠨᠡᠯᠲᠡ ᠶᠢᠨ ᠭᠤᠣᠯ ᠴᠣᠭᠴᠠ ᠶᠢ ᠱᠠᠭᠠᠷᠳᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠠᠳᠬᠤᠬᠤ ᠪᠠᠷ ᠴᠢᠷᠮᠠᠶᠢᠵᠤ ᠪᠣᠢ᠃                      ᠰᠣᠷᠪᠣᠯᠵᠢᠯᠠᠬᠴᠢ ᠰᠣᠨᠣᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号