ᠳᠠᠯᠠᠢ ᠰᠣᠮᠣ ︽ᠬᠤᠶᠠᠷ ᠺᠣᠳ᠋ ᠨᠢᠭᠡ ᠦᠨᠡᠮᠯᠡᠯ︾ ᠢ ᠬᠤᠯᠪᠤᠭᠠᠯᠠᠨ ᠪᠠᠶᠢᠴᠠᠭᠠᠬᠤ ᠠᠵᠢᠯ ᠤᠨ ᠥᠷᠨᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2021/9/1
     ᠰᠢᠨ᠎ᠡ ᠲᠢᠳᠢᠮᠯᠢᠭ ᠸᠠᠺᠽᠢᠨ ᠤ ᠲᠠᠷᠢᠯᠭ᠎ᠠ ᠶᠢᠨ ᠠᠵᠢᠯ ᠢ ᠤᠯᠠᠮ ᠴᠢᠨᠠᠭᠰᠢᠳᠠ ᠲᠥᠯᠬᠢᠨ ᠠᠬᠢᠭᠤᠯᠬᠤ ᠶᠢᠨ ᠲᠤᠰᠠᠳᠠ᠂ ᠲᠠᠯᠠᠢ ᠰᠣᠮᠣ ︽ᠬᠤᠶᠠᠷ ᠺᠣᠳ᠋ ᠨᠢᠭᠡ ᠦᠨᠡᠮᠯᠡᠯ︾ ᠢ ᠬᠤᠯᠪᠤᠭᠠᠯᠠᠨ ᠪᠠᠶᠢᠴᠠᠭᠠᠬᠤ ᠠᠵᠢᠯ ᠵᠢᠴᠢ ᠲᠠᠷᠢᠯᠭ᠎ᠠ ᠥᠯᠤ ᠲᠠᠷᠢᠭᠰᠠᠳ ᠢ ᠵᠤᠬᠢᠶᠠᠨ ᠪᠠᠶᠢᠭᠤᠯᠵᠤ ᠲᠠᠷᠢᠯᠭ᠎ᠠ ᠲᠠᠷᠢᠭᠤᠯᠬᠤ ᠠᠵᠢᠯ ᠤᠨ ᠪᠠᠶᠢᠳᠠᠯ ᠳᠤ ᠪᠠᠶᠢᠴᠠᠭᠠᠯᠳᠠ ᠬᠢᠪᠠ᠃        ᠲᠤᠰ ᠤᠳᠠᠭᠠᠨ ᠤ ᠪᠠᠶᠢᠴᠠᠭᠠᠯᠳᠠ ᠳᠤ᠂ ᠰᠣᠮᠣᠨ ᠤ ᠠᠯᠪᠠᠨ ᠠᠰᠠᠷ᠂ ᠴᠠᠬᠢᠯᠭᠠᠨ ᠬᠠᠩᠭᠠᠬᠤ ᠥᠷᠳᠡᠭᠡ᠂ ᠲᠤᠮᠢᠯᠠᠭᠰᠠᠨ ᠰᠠᠯᠪᠤᠷᠢ᠂ ᠡᠮᠨᠡᠯᠭᠡ ᠶᠢᠨ ᠬᠤᠷᠢᠶ᠎ᠠ᠂ ᠢᠳᠡᠭᠡᠮᠵᠢᠳᠣ ᠬᠤᠷᠰᠢᠶ᠎ᠠ᠂ ᠨᠠᠮ ᠤᠨ ᠭᠡᠰᠢᠭᠦᠨ ᠪᠠ ᠤᠯᠠᠨ ᠲᠥᠮᠡᠨ ᠤ ᠥᠢᠯᠡᠴᠢᠯᠡᠭᠡᠨ ᠤ ᠲᠥᠪ᠂ ᠬᠢᠵᠢᠭ ᠤᠨ ᠪᠠᠶᠢᠳᠠᠯ ᠢ ᠪᠠᠶᠢᠴᠠᠭᠠᠬᠤ ᠥᠷᠳᠡᠭᠡ ᠵᠢᠴᠢ ᠬᠤᠳᠠᠯᠳᠤᠭ᠎ᠠ᠂ ᠬᠤᠭᠤᠯᠠᠨ ᠭᠡᠷ ᠵᠡᠷᠭᠡ ᠶᠢᠨ ︽ᠬᠤᠶᠠᠷ ᠺᠣᠳ᠋ ᠨᠢᠭᠡ ᠦᠨᠡᠮᠯᠡᠯ︾ ᠤᠨ ᠰᠢᠷᠪᠢᠭᠦ  ᠺᠣᠳ᠋ ᠨᠠᠭᠠᠭᠰᠠᠨ ᠡᠰᠡᠬᠦ᠂ ᠰᠢᠨ᠎ᠡ ᠲᠢᠳᠢᠮᠯᠢᠭ ᠸᠠᠺᠽᠢᠨ ᠤ ᠲᠠᠷᠢᠯᠭ᠎ᠠ ᠥᠯᠤ ᠲᠠᠷᠢᠭᠰᠠᠳ ᠢ ᠲᠠᠩᠰᠠᠯᠠᠭᠰᠠᠨ ᠡᠰᠡᠭᠦ ᠵᠡᠷᠭᠡ ᠶᠢ ᠪᠠᠶᠢᠴᠠᠭᠠᠵᠠᠢ᠃      ᠬᠢᠨᠠᠨ ᠪᠠᠶᠢᠴᠠᠭᠠᠬᠤ ᠳᠤᠭᠤᠶᠢᠯᠠᠩ ᠱᠠᠭᠠᠷᠳᠠᠭᠰᠠᠨ ᠨᠢ᠂ ︽ᠬᠤᠶᠠᠷ ᠺᠣᠳ᠋ ᠨᠢᠭᠡ ᠦᠨᠡᠮᠯᠡᠯ︾ ᠤᠨ ᠬᠠᠮᠲᠤᠷᠠᠨ ᠪᠠᠶᠢᠴᠠᠭᠠᠬᠤ ᠠᠵᠢᠯ ᠢ ᠬᠢᠨᠠᠮᠠᠭᠠᠢ ᠥᠷᠨᠢᠭᠦᠯᠵᠤ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠡᠷᠡᠭᠦᠯ ᠮᠡᠨᠳᠦ ᠶᠢᠨ ᠺᠣᠳ᠋ ᠪᠠ ᠰᠢᠨ᠎ᠡ ᠲᠢᠳᠢᠮᠯᠢᠭ ᠸᠠᠺᠼᠢᠨ ᠤ ᠲᠠᠷᠢᠯᠭ᠎ᠠ ᠶᠢᠨ ᠲᠡᠮᠳᠡᠭᠯᠡᠯ ᠢ ᠪᠠᠶᠢᠴᠠᠭᠠᠨ᠂ ᠥᠯᠤ ᠲᠠᠷᠢᠭᠰᠠᠳ ᠤᠨ ᠰᠣᠷᠠᠭ ᠵᠠᠩᠬᠢ ᠶᠢ ᠬᠠᠷᠭᠤᠭᠤᠯᠤᠨ ᠲᠠᠩᠰᠠᠯᠠᠵᠤ᠂ ᠰᠢᠨ᠎ᠡ ᠲᠢᠳᠢᠮᠯᠢᠭ ᠸᠠᠺᠼᠢᠨ ᠢ ᠲᠠᠷᠢᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠲᠤᠰ ᠲᠥᠷᠣᠯ ᠤᠨ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ ᠭᠡᠵᠠᠢ᠃                  ᠡᠬᠡ ᠪᠢᠴᠢᠭ ᠬᠠᠩᠭᠠᠭᠰᠠᠨ ᠨᠢ᠄ ᠬᠠᠮ ᠵᠠᠭᠤᠴᠢᠯᠠᠭᠤᠷ ᠤᠨ ᠲᠥᠪ   ᠰᠣᠯᠣᠩᠭᠤᠸ᠎ᠠ 
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号