ᠮᠠᠨ ᠤ ᠬᠤᠰᠢᠭᠤ ᠡᠯ᠎ᠡ ᠰᠤᠷᠭᠠᠭᠤᠯᠢ ᠶᠢᠨ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠳᠤ ᠬᠠᠮᠲᠤᠷᠠᠭᠰᠠᠨ ᠶᠡᠭᠡ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2021/9/1
    8 ᠰᠠᠷ᠎ᠠ ᠶᠢᠨ 30 ᠤ ᠡᠳᠦᠷ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠩᠬᠢᠨᠢ ᠪᠠᠷ ᠰᠤᠷᠤᠯᠭ᠎ᠠ ᠡᠬᠢᠯᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠠᠮᠳᠤᠷᠠᠨ ᠪᠠᠶᠢᠴᠠᠭᠠᠬᠤ ᠳᠤᠭᠤᠶᠢᠯᠠᠩ ︽ᠴᠢᠬᠢ  ᠠᠷᠠᠴᠢᠯᠠᠬᠤ ᠰᠤᠷᠤᠯᠭ᠎ᠠ ᠡᠬᠢᠯᠡᠬᠦ ᠤᠯᠠᠷᠢᠯ︾ ᠤᠨ ᠰᠤᠷᠭᠠᠭᠤᠯᠢ ᠶᠢᠨ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠵᠦ᠂ ᠥᠷᠭᠡᠨ ᠣᠯᠠᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠨ᠎ᠠ᠃     ᠪᠠᠶᠢᠴᠠᠭᠠᠬᠤ ᠶᠠᠪᠤᠴᠠ ᠳᠤ᠂ ᠬᠠᠮᠲᠤᠷᠠᠨ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠡᠳᠦᠷ ᠲᠤᠲᠤᠮ ᠤᠨ ᠠᠷᠢᠭᠤᠳᠬᠠᠯ ᠤᠨ ᠬᠠᠮᠢᠶᠠᠷᠤᠯᠲᠠ ᠶᠢ ᠰᠠᠶᠢᠲᠤᠷ ᠬᠢᠭᠰᠡᠨ ᠡᠰᠡᠬᠦ᠂ ᠭᠡᠷᠡᠴᠢ ᠦᠨᠡᠮᠯᠡᠯ ᠢᠶᠠᠨ ᠢᠯᠡ ᠳᠡᠯᠭᠡᠭᠰᠡᠨ ᠡᠰᠡᠬᠦ᠂ ᠴᠢᠨᠠᠷ ᠤᠨ ᠪᠠᠳᠤᠯᠠᠭ᠎ᠠ ᠶᠢᠨ ᠬᠤᠭᠤᠴᠠᠭ᠎ᠠ ᠥᠩᠭᠡᠷᠡᠭᠰᠡᠨ ᠢᠳᠡᠭᠡᠨ ᠢ ᠪᠣᠷᠣᠯᠠᠭᠤᠯᠤᠭᠰᠠᠨ ᠡᠰᠡᠬᠦ᠂ ᠬᠠᠤᠯᠢ ᠲᠣᠭᠲᠠᠭᠠᠯ ᠠᠴᠠ ᠵᠥᠷᠢᠴᠡᠨ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠬᠡᠪᠯᠡᠯ ︵ᠵᠢᠭᠠᠬᠤ ᠮᠠᠲ᠋ᠧᠷᠢᠶᠠᠯ︶ ᠢ ᠳᠠᠷᠬᠠᠭᠠᠭᠰᠠᠨ ᠡᠰᠡᠬᠦ᠂ ᠱᠠᠯᠢᠭ ᠵᠠᠪᠬᠠᠶ᠂ ᠬᠦᠴᠦᠷᠬᠡᠭᠯᠡᠯ᠂ ᠹᠸᠤᠳᠠᠯ ᠤᠨ ᠮᠤᠬᠤᠷ ᠰᠦᠰᠦᠭ ᠤᠨ ᠳᠡᠪᠲᠡᠷ ᠲᠠᠷᠬᠠᠭᠠᠭᠰᠠᠨ ᠡᠰᠡᠬᠦ ᠵᠡᠷᠭᠡ ᠶᠢ ᠨᠢᠭᠡᠳ ᠨᠢᠭᠡ ᠪᠠᠷ ᠪᠠᠶᠢᠴᠠᠭᠠᠭᠰᠠᠨ ᠪᠠᠶᠢᠨ᠎ᠠ᠃    ᠪᠠᠶᠢᠴᠠᠭᠠᠯᠲᠠ ᠪᠠᠷ ᠳᠡᠮᠵᠢᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠢ ᠤᠯᠠᠮ ᠴᠢᠨᠠᠭᠰᠢᠳᠠ ᠴᠡᠪᠡᠷᠰᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠢᠯᠯᠠᠭ᠎ᠠ ᠶᠢᠨ ᠬᠡᠪᠴᠢᠶ᠎ᠡ ᠪᠠᠨ ᠥᠷᠭᠡᠳᠬᠡᠨ᠂ ᠲᠣᠭᠤᠷᠢᠨ ᠪᠠᠶᠢᠴᠠᠭᠠᠵᠤ ᠬᠢᠨᠠᠨ ᠡᠵᠡᠮᠳᠡᠬᠦ ᠡᠷᠴᠢᠮ  ᠢ ᠴᠢᠩᠭᠠᠷᠠᠭᠤᠯᠵᠦ᠂ ᠬᠠᠤᠯᠢ ᠬᠡᠷᠡᠭᠵᠢᠭᠦᠯᠬᠦ ᠭᠤᠤᠯᠳᠠᠯᠭ᠎ᠠ ᠪᠠᠨ ᠳᠣᠪᠤᠶᠢᠯᠭᠠᠨ᠂ ᠨᠠᠰᠤᠨ ᠳᠤ ᠥᠯᠥ ᠭᠦᠷᠦᠭᠰᠡᠳ ᠤᠨ ᠡᠷᠬᠡ ᠠᠰᠢᠭ ᠢ ᠤᠯᠠᠮ ᠴᠢᠨᠠᠭᠰᠢᠳᠠ ᠬᠠᠮᠠᠭᠠᠯᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃              ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号