ᠠᠯᠠᠵᠤ ᠨᠢᠲᠤᠯᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠤ᠂ | ᠮᠢᠬᠠᠨ ᠤ ᠵᠤᠶᠢᠯ ᠤᠨ ᠢᠳᠡᠭᠡᠨ ᠤ ᠶᠠᠰᠤ ᠴᠢᠨᠠᠷ ᠤᠨ ᠠᠶᠤᠯ ᠥᠬᠡᠢ ᠶᠢ ᠪᠠᠲᠤᠯᠠᠬᠤ ᠶᠢᠨ ᠲᠤᠰᠠᠳᠠ᠂ | ᠤᠶᠢᠷ᠎ᠠ ᠶᠢᠨ ᠡᠳᠣᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠬᠠᠤᠯᠢ ᠬᠡᠷᠡᠭᠵᠢᠭᠦᠯᠬᠦ ᠠᠵᠢᠯᠳᠠᠳ ᠢᠶᠠᠨ ᠵᠣᠬᠢᠶᠠᠨ ᠪᠠᠶᠢᠭᠤᠯᠤᠨ᠂ ᠮᠠᠯ | ᠵᠢᠭᠦᠷᠲᠡᠨ ᠢ ᠠᠯᠠᠵᠤ ᠨᠢᠲᠤᠯᠬᠤ ᠬᠢᠨᠠᠯᠲᠠ ᠬᠠᠮᠢᠶᠠᠷᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠲᠤᠰᠬᠠᠢ | ᠲᠥᠷᠣᠯ ᠤᠨ ᠬᠠᠤᠯᠢ ᠭᠡᠷᠡᠭᠵᠢᠭᠦᠯᠭᠦ ᠪᠠᠶᠢᠴᠠᠭᠠᠯᠲᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠳᠠᠳ ᠠᠴᠠ ᠠᠮᠢᠲᠠᠨ ᠤ ᠲᠠᠯᠠᠪᠤᠷ ᠲᠤ ᠤᠷᠤᠬᠤ ᠭᠡᠷᠡᠴᠢ ᠪᠣᠳᠠᠰ ᠢ ᠪᠠᠶᠢᠴᠠᠭᠠᠨ | ᠰᠢᠯᠭᠠᠬᠤ᠂ ᠬᠢᠵᠢᠭ ᠢ ᠪᠠᠶᠢᠴᠠᠭᠠᠨ ᠰᠢᠯᠭᠠᠬᠤ᠂ ᠠᠯᠠᠵᠤ ᠨᠢᠲᠤᠯᠬᠤ ᠲᠡᠮᠳᠡᠭᠯᠡᠯ᠂ ᠣᠷᠴᠢᠨ ᠲᠣᠭᠤᠷᠢᠨ ᠤ | ᠠᠷᠢᠭᠤᠳᠬᠠᠯ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠠᠵᠤ ᠠᠬᠤᠶᠢᠯᠠᠯ ᠤᠨ ᠬᠢᠵᠢᠭ ᠪᠠᠶᠢᠴᠠᠭᠠᠬᠤ | ᠠᠵᠢᠯᠲᠠᠨ ᠬᠢᠵᠢᠭ ᠤᠨ ᠪᠠᠶᠢᠴᠠᠭᠠᠯᠳᠠ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠲᠤᠬᠠᠢ ᠶᠢᠨ ᠲᠠᠯᠠᠪᠠᠢ ᠶᠢᠨ ᠮᠠᠯ ᠤᠨ | ᠡᠮᠴᠢ ᠲᠣᠭᠤᠷᠢᠨ ᠪᠠᠶᠢᠴᠠᠭᠠᠬᠤ᠂ ᠰᠣᠭᠤᠴᠢᠨ ᠪᠠᠶᠢᠴᠠᠭᠠᠭᠰᠠᠨ ᠲᠡᠮᠳᠡᠭᠯᠡᠯ ᠢ ᠰᠠᠶᠢᠲᠤᠷ ᠬᠢᠭᠦ ᠬᠡᠷᠡᠭᠲᠡᠢ ᠭᠡᠵᠤ | ᠱᠠᠭᠠᠷᠳᠠᠪᠠ᠃ | ᠬᠠᠤᠯᠢ ᠬᠡᠷᠡᠭᠵᠢᠭᠦᠯᠦᠭᠴᠢ ᠠᠴᠠ ᠠᠯᠠᠵᠤ ᠨᠢᠲᠤᠯᠬᠤ ᠦᠢᠯᠡᠳᠪᠦᠷᠢᠯᠡᠯ ᠤᠨ ᠲᠠᠰᠤᠭ᠂ ᠬᠦᠢᠲᠡᠨ ᠬᠥᠮᠥᠷᠭᠡ | ᠵᠡᠷᠭᠡ ᠦᠢᠯᠡᠳᠪᠦᠷᠢᠯᠡᠯ ᠤᠨ ᠲᠥᠭᠦᠭᠡᠷᠣᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠠᠯ | ᠤᠨᠲᠠᠷᠠᠭᠠᠬᠤ ᠲᠥᠭᠦᠭᠡᠷᠣᠮᠵᠢ ᠶᠢ ᠲᠣᠬᠢᠷᠠᠭᠤᠯᠤᠭᠰᠠᠨ ᠪᠠᠶᠢᠳᠠᠯ ᠪᠠ ᠡᠯ᠎ᠡ ᠵᠦᠢᠯ ᠤᠨ ᠲᠡᠮᠳᠡᠭᠯᠡᠯ ᠤᠨ ᠡᠬᠡ | ᠳᠠᠩᠰᠠ ᠶᠢ ᠪᠠᠶᠢᠴᠠᠭᠠᠪᠠ᠃ | ᠲᠤᠰ ᠤᠳᠠᠭᠠᠨ ᠤ ᠬᠠᠤᠯᠢ ᠭᠡᠷᠡᠭᠵᠢᠭᠦᠯᠭᠦ ᠲᠤᠰᠬᠠᠢ ᠪᠠᠶᠢᠴᠠᠭᠠᠯᠲᠠ ᠳᠤ᠂ 11 ᠬᠥᠮᠦᠨ ᠤᠳᠠᠭ᠎ᠠ ᠵᠢᠴᠢ 3 | ᠲᠡᠷᠭᠡ ᠤᠳᠠᠭ᠎ᠠ ᠭᠥᠳᠡᠯᠭᠡᠵᠤ᠂ 8 ᠡᠷᠣᠭᠡ ᠠᠯᠠᠵᠤ ᠨᠢᠳᠣᠯᠬᠤ ᠠᠵᠤ ᠠᠬᠤᠶᠢᠯᠠᠯ ᠢ ᠪᠠᠶᠢᠴᠠᠭᠠᠵᠠᠢ᠃ ᠨᠢᠲᠤᠯᠵᠤ | ᠪᠣᠯᠪᠠᠰᠤᠷᠠᠭᠤᠯᠬᠤ ᠠᠵᠤ ᠠᠬᠤᠶᠢᠯᠠᠯ ᠤᠨ ᠡᠬᠡ ᠳᠠᠩᠰᠠ ᠶᠢᠨ ᠲᠡᠮᠳᠡᠭᠯᠡᠯ ᠨᠢ ᠪᠦᠷᠢᠨ ᠪᠤᠰᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠠᠨᠠᠢ ᠵᠡᠷᠭᠡ ᠠᠰᠠᠭᠤᠳᠠᠯ ᠳᠤ ᠬᠠᠤᠯᠢ ᠬᠡᠷᠡᠭᠵᠢᠭᠦᠯᠦᠭᠴᠢ ᠠᠴᠠ ᠵᠠᠰᠠᠨ | ᠵᠠᠯᠠᠷᠠᠭᠤᠯᠬᠤ ᠪᠢᠴᠢᠭ ᠪᠠᠭᠤᠯᠭᠠᠵᠤ᠂ ᠠᠵᠤ ᠠᠬᠤᠶᠢᠯᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠤ | ᠬᠠᠮᠳᠣ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ | ᠴᠢᠨᠠᠭᠰᠢᠳᠠ ᠨᠠᠷᠢᠨ ᠬᠢᠨᠠᠮᠠᠭᠠᠢ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ᠂ ᠪᠤᠯᠪᠠᠰᠣᠷᠠᠯ ᠤᠨ | ᠠᠵᠢᠯ ᠢ ᠰᠠᠶᠢᠲᠤᠷ ᠬᠢᠭᠦ ᠬᠡᠷᠡᠭᠲᠡᠢ ᠭᠡᠵᠠᠢ ᠃ | | ᠡᠬᠡ ᠪᠢᠴᠢᠭ ᠬᠠᠩᠭᠠᠭᠰᠠᠨ ᠨᠢ᠄ ᠬᠠᠮ ᠵᠠᠭᠤᠴᠢᠯᠠᠭᠤᠷ ᠤᠨ ᠲᠥᠪ ᠰᠣᠯᠣᠩᠭᠤᠸ᠎ᠠ |