| | 9 ᠰᠠᠷ᠎ᠠ ᠶᠢᠨ 14 ᠤ ᠡᠳᠦᠷ᠂ 24 ᠳ᠋ᠦ᠋ᠭᠡᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠤᠷᠳᠤᠰ ᠲᠤ ᠡᠬᠢᠯᠡᠪᠡ᠃ ᠰᠤᠷᠭᠠᠨ ᠬᠥᠮᠦᠵᠢᠯ ᠤᠨ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤᠸᠠᠢ ᠶᠢᠨ ᠫᠧᠩ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | ᠬᠤᠸᠠᠢ ᠶᠢᠨ ᠫᠧᠩ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠦᠭᠡ ᠬᠡᠯᠡ ᠦᠰᠦᠭ | ᠪᠢᠴᠢᠭ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ | ᠴᠣᠬᠤᠯᠠᠪᠤᠷᠢ ᠥᠭᠴᠦ᠂ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢᠯᠠᠩᠭᠤᠶ᠎ᠠ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ 1998 ᠣᠨ ᠳᠤ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠲᠤᠭᠳᠠᠭᠠᠭᠰᠠᠨ ᠪᠦᠬᠦ ᠤᠯᠤᠰ ᠤᠨ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠨᠡᠶᠢᠭᠡᠮ ᠤᠨ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠢ | ᠵᠢᠷᠤᠮᠵᠢᠭᠤᠯᠬᠤ ᠤᠬᠠᠮᠰᠠᠷ ᠢ ᠴᠢᠩᠭᠠᠳᠬᠠᠬᠤ᠂ ᠳᠤᠮᠳᠠᠳᠤ ᠶᠢᠨ ᠰᠢᠯᠢᠳᠡᠭ ᠦᠭᠡ ᠬᠡᠯᠡ ᠶᠢᠨ ᠰᠣᠶᠣᠯ ᠢ ᠤᠯᠠᠮᠵᠢᠯᠠᠨ | ᠪᠠᠳᠠᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠡᠨᠡ ᠵᠢᠯ ᠪᠣᠯ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠮᠥᠨ ᠴᠦ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ | ᠵᠣᠭᠰᠣᠵᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠤᠢᠢᠯᠠᠭᠠᠨ᠂ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠳᠤ ᠦᠢᠯᠡᠴᠢᠯᠡᠬᠦ ᠪᠠᠷ | ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠪᠠᠷ ᠭᠤᠣᠯ ᠡᠭᠦᠷᠭᠡ ᠪᠣᠯᠭᠠᠬᠤ ᠶᠢ ᠪᠠᠷᠢᠮᠲᠠᠯᠠᠵᠤ᠂ ᠦᠭᠡ ᠬᠡᠯᠡ ᠦᠰᠦᠭ | ᠪᠢᠴᠢᠭ ᠤᠨ ᠠᠵᠢᠯ ᠤᠨ ᠶᠡᠭᠡ ᠪᠠᠶᠢᠷᠢᠰᠢᠯ ᠢ ᠪᠠᠶᠢᠭᠤᠯᠬᠤ ᠪᠠᠷ ᠵᠠᠩᠭᠢᠯᠠᠭ᠎ᠠ ᠶᠢᠨ ᠭᠠᠷᠳᠠᠴᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠳᠤᠤᠷ᠎ᠠ᠂ ᠪᠦᠭᠦᠳᠡᠭᠡᠷ ᠰᠡᠳᠬᠢᠯ ᠨᠢᠭᠡᠳᠦᠨ᠂ ᠤᠯᠠᠨ ᠢᠶᠠᠷ ᠢᠶᠠᠨ | ᠬᠠᠮᠵᠢᠯᠴᠠᠵᠤ᠂ ᠦᠭᠡ ᠬᠡᠯᠡ ᠦᠰᠦᠭ ᠪᠢᠴᠢᠭ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ | ᠬᠡᠷᠡᠭᠳᠠᠢ ᠭᠡᠵᠤ ᠵᠢᠭᠠᠵᠤ ᠭᠠᠷᠭᠠᠪᠠ᠃ | | | | ᠸᠠᠩ ᠯᠢ ᠰᠢᠶᠠ᠂ ᠤᠷᠳᠤ ᠬᠤᠭᠤᠴᠠᠭᠠᠨ ᠤ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠭᠡ ᠬᠡᠯᠡ ᠦᠰᠦᠭ | ᠪᠢᠴᠢᠭ ᠤᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ | ᠂ ᠬᠤᠳᠠ ᠪᠣᠯᠤᠨ ᠬᠦᠳᠡᠭᠡ ᠲᠤᠰᠬᠤᠨ ᠮᠠᠯᠵᠢᠬᠤ ᠣᠷᠣᠨ᠂ ᠰᠤᠷᠭᠠᠭᠤᠯᠢ ᠭᠡᠷ ᠪᠦᠯᠢ ᠪᠣᠯᠤᠨ ᠨᠡᠶᠢᠭᠡᠮ ᠲᠣᠭᠤᠷᠢᠭ᠂ | ᠴᠤᠩᠬᠤᠪᠴᠢ ᠶᠢᠨ ᠵᠢᠱᠢᠶ᠎ᠡ ᠦᠵᠡᠭᠦᠯᠬᠦ ᠨᠢᠭᠡᠴᠢ ᠬᠢᠬᠡᠳ ᠠᠵᠢᠯ ᠲᠦᠷᠦᠯ ᠤᠨ ᠬᠦᠷᠢᠶᠡᠨ ᠳᠤ ᠲᠡᠯᠬᠡᠷᠡᠬᠦᠯᠦᠨ | ᠲᠦᠭᠡᠮᠡᠯᠵᠢᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠣᠷᠣᠨ ᠤ ᠨᠡᠶᠢᠲᠡᠯᠢᠭ ᠬᠡᠯᠡ ᠶᠢ | ᠲᠦᠭᠡᠮᠡᠯᠵᠢᠬᠦᠯᠦᠭᠰᠡᠨ ᠨᠤᠷᠮ᠎ᠠ ᠪᠦᠬᠦ ᠤᠯᠤᠰ ᠤᠨ ᠳᠤᠮᠳᠠᠴᠢ ᠲᠦᠪᠰᠢᠨ ᠳᠤ ᠣᠶᠢᠷᠠᠳᠴᠤ᠂ | ᠦᠨᠳᠦᠰᠦᠲᠡᠨ ᠨᠦᠭᠦᠳ ᠤᠨ ᠬᠤᠭᠤᠷᠣᠨᠳᠣᠬᠢ ᠦᠭᠡ ᠬᠡᠯᠡᠨ ᠤ ᠬᠠᠷᠰᠢ ᠰᠠᠭᠠᠳ ᠢ ᠦᠨᠳᠦᠰᠦᠨ ᠳᠡᠭᠡᠨ ᠠᠷᠢᠯᠭᠠᠵᠤ᠂ | ᠨᠡᠶᠢᠭᠡᠮ ᠤᠨ ᠬᠡᠷᠡᠭᠯᠡᠬᠡᠨ ᠤ ᠦᠭᠡ ᠬᠡᠯᠡ ᠦᠰᠦᠭ ᠪᠢᠴᠢᠭ ᠢ ᠨᠡᠩ ᠵᠢᠷᠤᠮᠵᠢᠭᠤᠯᠵᠤ᠂ ᠦᠭᠡ ᠬᠡᠯᠡ ᠦᠰᠦᠭ | ᠪᠢᠴᠢᠭ ᠢ ᠳᠦᠷᠢᠮᠵᠢᠭᠦᠯᠦᠨ ᠬᠡᠷᠡᠭᠯᠡᠬᠦ ᠣᠷᠴᠢᠨ ᠨᠥᠬᠦᠴᠡᠯ ᠢ ᠨᠢᠭᠡᠨᠲᠡ ᠪᠦᠷᠢᠯᠳᠦᠭᠦᠯᠪᠡ᠃ ᠪᠢᠳᠠ ᠲᠤᠰ | ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠠᠵᠠ | ᠲᠣᠬᠢᠶᠠᠯ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠪᠤᠯᠭᠠᠵᠤ᠂ ᠲᠤᠭ ᠲᠡᠮᠳᠡᠭ ᠲᠣᠳᠣᠷᠬᠠᠶ ᠪᠠᠷ ᠠᠬᠢᠭᠤᠯᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ | ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ | ᠰᠤᠯᠢᠯᠴᠠᠭ᠎ᠠ᠂ ᠭᠦᠨᠵᠡᠬᠡᠢ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ | ᠬᠦᠳᠤᠯᠤᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠡᠷ ᠢᠴᠢᠬᠦᠷᠢ ᠭᠤᠲᠤᠮᠰᠢᠭ ᠢᠶᠠᠨ | ᠬᠠᠮᠲᠤᠳᠬᠠᠬᠤ᠂ ᠤᠢᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ | ᠴᠣᠭᠴᠠ ᠶᠢᠨ ᠣᠶᠢᠯᠠᠭᠠᠭᠳᠠᠬᠤᠨ ᠢ ᠪᠠᠳᠤ ᠪᠤᠢ ᠪᠤᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠤ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠠᠭᠤᠤ ᠶᠡᠭᠡ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠴᠠᠭ ᠦᠶ᠎ᠡ ᠶᠢᠨ ᠠᠶᠠᠨ ᠵᠠᠮ ᠳᠤ ᠢᠳᠡᠷᠡᠬᠦᠨ | ᠠᠯᠬᠤᠭ᠎ᠠ ᠪᠠᠷ ᠤᠷᠤᠬᠰᠢᠯᠠᠨ᠎ᠠ ᠬᠡᠵᠤ ᠢᠯᠡᠳᠬᠡᠪᠡ᠃ | | | | | | | | | | | | | | ᠣᠶᠢᠯᠠᠭᠠᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ︽ᠨᠡᠶᠢᠲᠡᠯᠢᠭ ᠬᠡᠯᠡ ᠪᠠᠷ ᠵᠠᠭᠤᠨ ᠵᠢᠯ ᠤᠨ ᠠᠤᠭ᠎ᠠ ᠦᠢᠯᠡᠰ ᠢ | ᠤᠶᠠᠩᠭᠠᠯᠠᠵᠤ ᠳᠦᠷᠢᠮᠵᠢᠭᠰᠡᠨ ᠥᠰᠥᠭ ᠢᠶᠠᠷ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠠ︾ ᠪᠠᠷ ᠭᠤᠤᠯ | ᠰᠡᠳᠦᠪ ᠪᠤᠯᠭᠠᠵᠠᠢ᠃ ᠡᠨᠡ ᠬᠤᠭᠤᠴᠠᠭᠠᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠤᠯᠠᠨ ᠬᠡᠯᠪᠡᠷᠢ ᠶᠢᠨ᠂ ᠪᠠᠶᠠᠯᠢᠭ ᠠᠭᠤᠯᠭ᠎ᠠ ᠲᠠᠢ᠂ ᠢᠯᠡ ᠲᠣᠳᠣ | ᠣᠨᠴᠠᠯᠢᠭ ᠲᠠᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ | ᠪᠠ ᠳᠤᠮᠳᠠᠳᠤ ᠶᠢᠨ ᠰᠢᠯᠢᠳᠡᠭ ᠦᠭᠡ ᠬᠡᠯᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠠᠵᠢᠯᠯᠠᠭ᠎ᠠ ᠥᠷᠨᠢᠭᠦᠯᠵᠦ᠂ | ᠪᠦᠬᠦ ᠨᠡᠶᠢᠭᠡᠮ ᠢᠶᠠᠷ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭᠯᠡᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ | |