ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠷᠢᠶᠠᠨ ᠳᠠᠷᠤᠭ᠎ᠠ ᠡᠤ ᠬᠠᠶ ᠯᠦᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/9/17
        9 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠷᠢᠶᠠᠨ ᠳᠠᠷᠤᠭ᠎ᠠ ᠡᠤ ᠬᠠᠶ ᠯᠦᠩ ᠨᠠᠷ ᠮᠠᠨ ᠤ ᠬᠤᠰᠢᠭᠤᠨ ᠳᠤ ᠢᠷᠡᠵᠦ᠂ ︽ᠲᠠᠯ᠎ᠠ ᠨᠤᠲᠤᠭ ᠤᠨ ᠡᠭᠦᠯᠡ︾ ᠶᠢᠨ ᠪᠥᠲᠥᠭᠡᠨ ᠪᠠᠶᠢᠭᠤᠯᠤᠯᠲᠠ᠂ ᠬᠠᠮ ᠵᠠᠭᠤᠴᠢᠯᠠᠭᠤᠷ ᠤᠨ ᠪᠥᠲᠥᠭᠡᠨ ᠪᠠᠶᠢᠭᠤᠯᠤᠯᠲᠠ᠂ ︽ᠳᠥᠷᠪᠡᠨ ᠲᠥᠪ︾ ᠢ  ᠠᠭᠤᠰᠤᠯᠴᠠᠭᠤᠯᠬᠤ ᠪᠢ ᠳᠠᠨ ᠢ ᠬᠠᠪᠰᠤᠷᠤᠶ᠎ᠠ ᠭᠡᠬᠦ ᠬᠦᠨ ᠤᠶᠠᠯᠳᠤᠯ ᠤᠨ ᠪᠦᠲᠦᠭᠡᠨ ᠪᠠᠶᠢᠭᠤᠯᠤᠯᠳᠠ᠂ ᠭᠠᠳᠠᠭᠠᠳᠦ ᠤᠬᠠᠭᠤᠯᠭ᠎ᠠ ᠵᠡᠷᠭᠡ ᠠᠵᠢᠯ ᠢ ᠪᠤᠳᠠᠳᠦ ᠭᠠᠵᠠᠷ ᠲᠤ ᠨᠢ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠲᠤ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠬᠡᠷ ᠲᠤ ᠰᠠᠭᠤᠳᠠᠯ ᠤᠨ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠠᠩ ᠴᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠶ ᠴᠦᠨ ᠮᠧᠶ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠪᠠᠶ ᠴᠦᠨ ᠮᠧᠶ ᠮᠠᠨ ᠤ ᠬᠤᠰᠢᠭᠤᠨ ᠤ ᠵᠠᠭᠤᠴᠢᠯᠠᠭᠤᠷ ᠤᠨ ᠠᠭᠤᠰᠤᠯᠴᠠᠯ ᠤᠨ ᠥᠭᠡᠷᠡᠴᠢᠯᠡᠯᠲᠡ᠂ ︽ᠳᠥᠷᠪᠡᠨ ᠭᠤᠤᠯᠳᠠᠯᠭ᠎ᠠ ᠪᠠᠷ ᠠᠷᠠᠳ ᠲᠤ ᠪᠣᠳᠠᠲᠠᠶ ᠶᠠᠪᠤᠳᠠᠯ ᠬᠢᠵᠦ ᠥᠭᠬᠦ︾᠂ ︽ᠬᠡᠷᠦᠯᠦᠨ ︾ ᠭᠠᠳᠠᠭᠠᠳᠤ ᠤᠬᠠᠭᠤᠯᠭ᠎ᠠ ᠶᠢᠨ ᠠᠵᠢᠯ ᠤᠨ ᠲᠠᠯ᠎ᠠ ᠪᠠᠷ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ︽ᠪᠢ ᠣᠯᠠᠨ ᠲᠦᠮᠡᠨ ᠳᠤ ᠪᠤᠳᠠᠳᠦ ᠶᠠᠪᠤᠳᠠᠯ ᠬᠢᠵᠦ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ ᠮᠠᠨ ᠤ ᠬᠤᠰᠢᠭᠤ ︽ᠳᠥᠷᠪᠡᠨ ᠲᠥᠪ︾ ᠢ ᠨᠢᠭᠡ ᠴᠤᠭᠴᠠᠵᠢᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠷᠠᠳ ᠤᠨ ᠲᠥᠯᠥᠭᠡ ᠪᠤᠳᠠᠳᠦ ᠶᠠᠪᠤᠳᠠᠯ ᠬᠢᠵᠦ ᠦᠭᠬᠦ ᠲᠠᠪᠴᠠᠩ ᠢ ᠪᠠᠶᠢᠭᠤᠯᠤᠨ᠂ ᠠᠷᠠᠳ ᠤᠨ ᠲᠥᠯᠥᠭᠡ ᠪᠤᠳᠠᠳᠦ ᠶᠠᠪᠤᠳᠠᠯ ᠬᠢᠵᠦ ᠦᠭᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠷᠠᠳ ᠤᠨ ᠲᠥᠯᠥᠭᠡ ᠪᠤᠳᠠᠳᠦ ᠶᠠᠪᠤᠳᠠᠯ ᠬᠢᠵᠦ ᠦᠭᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠬᠦᠯᠪᠡ᠃ ᠮᠠᠨ ᠤ ᠬᠤᠰᠢᠭᠤ ᠪᠠᠰᠠ ᠥᠪᠡᠷᠮᠢᠴᠡ ᠭᠠᠵᠠᠷ ᠵᠦᠶ ᠶᠢᠨ ᠳᠠᠪᠠᠭᠤᠯᠢᠭ ᠢᠶᠠᠨ ᠠᠰᠢᠭᠯᠠᠨ᠂ ︽ᠬᠡᠷᠦᠯᠦᠨ︾ ᠭᠠᠳᠠᠭᠠᠳᠤ ᠤᠬᠠᠭᠤᠯᠭ᠎ᠠ ᠶᠢᠨ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠨᠢᠨ ᠳᠤ ᠥᠰᠥᠭ ᠪᠢᠴᠢᠭ ᠲᠠᠢ᠂ ᠲᠧᠯᠸᠢᠰ ᠲᠤ ᠬᠡᠷᠡᠯ ᠵᠢᠷᠤᠭ ᠲᠠᠢ᠂ ᠰᠦᠯᠵᠢᠶ᠎ᠡ ᠳᠤ ᠮᠡᠳᠡᠭᠡ ᠵᠠᠩᠭᠢ ᠲᠠᠢ᠂ ᠰᠡᠳᠬᠦᠯ ᠳᠤ ᠠᠭᠤᠯᠭ᠎ᠠ ᠲᠠᠢ᠂ ︽ᠹᠸᠢᠢᠰ ᠪᠦᠤᠺ ᠤᠨ ᠰᠦᠯᠵᠢᠶ᠎ᠡ︾ ᠪᠠ ︽ᠲᠸᠢᠲᠲ᠋ᠧᠷ︾ ᠲᠤ ᠲᠣᠭᠲᠠᠮᠠᠯ ᠤᠩᠰᠢᠭᠴᠢᠳ ᠲᠠᠢ ᠵᠡᠷᠭᠡ ︽ᠲᠠᠪᠤ ᠶᠢ ᠨᠢᠭᠡ ᠴᠤᠭᠴᠠᠵᠢᠭᠤᠯᠤᠭᠰᠠᠨ︾ ᠵᠠᠭᠤᠴᠢᠯᠠᠭᠤᠷ ᠤᠨ ᠤᠬᠠᠭᠤᠯᠭ᠎ᠠ ᠶᠢᠨ ᠵᠠᠭᠪᠤᠷ ᠢ ᠪᠡᠶᠡᠯᠡᠭᠦᠯᠪᠡ᠃        ᠡᠤ ᠬᠠᠶ ᠯᠦᠩ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠶᠢ ᠨᠤᠲᠠᠯᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠨ᠂ ᠡᠯ᠎ᠡ ᠵᠠᠭᠤᠴᠢᠯᠠᠭᠤᠷ ᠤᠨ ᠲᠠᠪᠴᠠᠩ ᠢ ᠨᠡᠶᠢᠲᠡᠯᠡᠬᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠤᠬᠠᠭᠤᠯᠭ᠎ᠠ ᠦᠵᠡᠯ ᠰᠠᠨᠠᠭᠠᠨ ᠤ ᠰᠠᠭᠤᠷᠢ ᠲᠠᠯᠪᠢᠵᠤ ᠦᠭᠪᠡ᠃ ᠡᠭᠦᠨ ᠤ ᠬᠠᠮᠲᠤ᠂ ᠰᠢᠨ᠎ᠡ ᠪᠠᠷᠭᠤ ᠪᠠᠷᠠᠭᠤᠨ ᠬᠤᠰᠢᠭᠤ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠠᠭᠤᠯᠵᠠᠷ ᠲᠤ ᠪᠠᠶᠢᠷᠢᠯᠠᠵᠤ᠂ ᠤᠯᠠᠨ ᠦᠨᠳᠦᠰᠦᠲᠡᠨ ᠬᠠᠷᠢᠯᠴᠠᠨ  ᠨᠡᠪᠲᠡᠷᠡᠯᠴᠡᠨ ᠬᠠᠷᠢᠯᠴᠠᠨ ᠠᠭᠤᠰᠤᠯᠴᠠᠵᠤ᠂ ᠲᠤᠰ ᠪᠡᠶ᠎ᠡ ᠶᠢᠨ ᠣᠨᠴᠠᠯᠢᠭ ᠪᠣᠯᠤᠨ ᠬᠥᠭᠵᠢᠯᠲᠡ ᠶᠢᠨ ᠬᠡᠷᠡᠭᠴᠡᠭᠡ ᠳᠡᠭᠡᠨ ᠰᠠᠭᠤᠷᠢᠯᠠᠨ᠂ ᠠᠭᠤᠯᠭ᠎ᠠ ᠶᠢ ᠬᠠᠮᠲᠤᠪᠠᠷ ᠡᠳ᠋ᠯᠡᠬᠦ᠂ ᠠᠵᠢᠯᠯᠠᠭ᠎ᠠ ᠶᠢ ᠲᠥᠰᠦᠪᠯᠡᠬᠦ ᠵᠡᠷᠭᠡ ᠲᠠᠯ᠎ᠠ ᠠᠴᠠ ᠭᠠᠷᠳᠠᠵᠤ᠂ ᠲᠠᠰᠤᠷᠠᠯᠳᠡ ᠦᠭᠡᠢ ᠰᠢᠨ᠎ᠡ ᠶᠢ ᠡᠭᠦᠳᠦᠨ ᠰᠦᠪᠡᠭᠴᠢᠯᠡᠵᠦ᠂ ᠲᠦᠷᠦᠯ ᠲᠡᠮᠳᠡᠭ ᠤᠨ ᠤᠬᠠᠮᠰᠠᠷ ᠢ ᠪᠤᠢ ᠪᠤᠯᠭᠠᠨ᠂ ᠨᠡᠩ ᠭᠦᠨ ᠳᠠᠪᠬᠤᠷᠭ᠎ᠠ ᠶᠢᠨ ᠬᠥᠭᠵᠢᠯᠲᠡ ᠶᠢ ᠡᠷᠢᠯᠬᠢᠯᠡᠬᠦ ᠬᠡᠷᠡᠭᠲᠡᠢ᠃ ︽ᠲᠦᠷᠪᠡᠨ ᠭᠤᠣᠯᠳᠠᠯᠭ᠎ᠠ︾ ᠶᠢ ᠬᠠᠷᠢᠯᠴᠠᠨ ᠵᠣᠬᠢᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠡᠳᠦ ᠪᠠᠬᠢ ᠴᠤᠭᠴᠠᠯᠠᠬᠤ ᠪᠠᠷ ᠭᠤᠣᠯ ᠰᠢᠵᠢᠮ ᠪᠤᠯᠭᠠᠨ᠂ ᠰᠣᠨᠢᠨ ᠮᠡᠳᠡᠭᠡᠨ ᠤ ᠤᠬᠠᠭᠤᠯᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠮᠢᠳᠤᠷᠠᠯ ᠤᠨ ᠦᠢᠯᠡᠴᠢᠯᠡᠭᠡ ᠶᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠦᠳᠦᠯᠦᠨ ᠵᠢᠯᠣᠭᠤᠳᠬᠤ᠂ ᠤᠯᠠᠨ ᠲᠦᠮᠡᠨ ᠳᠤ ᠦᠢᠯᠡᠴᠢᠯᠡᠬᠦ ᠶᠢ ᠪᠡᠶᠡᠯᠡᠬᠦᠯᠦᠨ᠂ ᠡᠭᠦᠨ ᠤ ᠤᠯᠠᠮ ᠢᠶᠠᠷ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠠᠠᠳᠠᠷᠠᠭᠤᠯᠤᠨ᠂ ᠬᠦᠴᠦᠨ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠬᠦ ᠬᠡᠷᠡᠭᠲᠡᠢ ᠭᠡᠵᠡᠢ᠃        ᠦ᠋ ᠬᠠᠶ ᠯᠦᠩ ᠢᠯᠡᠷᠬᠡᠶᠢᠯᠡᠬᠦ ᠳᠡᠭᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠤᠬᠠᠭᠤᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠵᠦ᠂ ᠡᠯ᠎ᠡ ᠵᠦᠢᠯ ᠤᠨ ᠬᠡᠯᠪᠡᠷᠢ ᠶᠢ ᠬᠦᠢᠴᠡᠳ ᠠᠰᠢᠭᠯᠠᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠳᠤᠮᠳᠠ ᠣᠯᠤᠭᠰᠠᠨ ᠠᠮᠵᠢᠯᠲᠠ ᠶᠢ ᠭᠦᠨᠵᠡᠭᠡᠶ ᠠᠭᠤᠳᠠᠯᠵᠤ᠂ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ᠂ ᠬᠥᠲᠥᠯᠦᠨ ᠳᠠᠭᠠᠭᠤᠯᠬᠤ ᠬᠦᠴᠦᠨ ᠪᠥᠬᠦᠶ ᠰᠠᠶᠢᠨ ᠪᠦᠲᠦᠭᠡᠯ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠥᠯᠢᠭᠡᠷ ᠢ ᠲᠠᠯ᠎ᠠ ᠨᠤᠲᠤᠭ ᠲᠤ ᠳᠠᠭᠤᠷᠢᠰᠤᠭᠤᠯᠵᠦ ᠂ ᠪᠥᠬᠦ ᠤᠯᠤᠰ ᠲᠤ ᠳᠠᠭᠤᠷᠢᠰᠤᠭᠤᠯᠤᠨ᠎ᠠ ᠭᠡᠵᠡᠶ᠃        ᠡᠤ ᠬᠠᠶ ᠯᠦᠩ ᠨᠠᠷ ᠪᠠᠰᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠵᠦ᠂ ︽ᠳᠥᠷᠪᠡᠨ ᠲᠥᠪ︾ ᠤᠨ ᠡᠬᠢ ᠪᠠᠶᠠᠯᠢᠭ᠂ ᠮᠡᠳᠡᠭᠡ ᠵᠠᠩᠭᠢ᠂ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠨ ᠬᠠᠷᠢᠯᠴᠠᠨ ᠠᠭᠤᠰᠤᠯᠴᠠᠬᠤ ᠶᠢ ᠬᠡᠷᠬᠢᠨ ᠪᠡᠶᠡᠯᠡᠭᠦᠯᠬᠦ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃                                           ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号