ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ | ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ | ᠲᠣᠭᠲᠠᠯᠴᠠᠭ᠎ᠠ ᠶᠢ ᠪᠦᠷᠢᠨᠰᠢᠬᠦᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ | ᠰᠠᠶᠢᠲᠤᠷ ᠬᠠᠩᠭᠠᠬᠤ ᠲᠤᠬᠠᠶ ᠪᠠᠶᠢᠷᠢᠯᠠᠭᠤᠯᠪᠠ᠃ | ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ ᠢ ᠪᠠᠲᠤᠯᠠᠨ᠂ ᠭᠠᠵᠠᠷ | ᠳᠣᠤᠷᠠᠬᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠶᠢ ᠴᠢᠩᠭᠠᠳᠬᠠᠪᠠ᠃ | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 15 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ | ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ | ᠪᠦᠷᠢᠨᠰᠢᠬᠦᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ | ᠬᠠᠩᠭᠠᠬᠤ ᠬᠡᠷᠡᠭᠲᠡᠢ ᠭᠡᠵᠡᠢ︔ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ | ᠢ ᠪᠠᠲᠤᠯᠠᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠶᠢ ᠴᠢᠩᠭᠠᠳᠬᠠᠪᠠ᠃ | ᠬᠤᠷᠠᠯ ᠠᠴᠠ ᠵᠢᠭᠠᠬᠤ ᠳᠤ ᠪᠠᠨ᠂ ᠪᠦᠬᠦ ᠠᠷᠠᠳ ᠤᠨ ᠡᠮᠴᠢᠯᠡᠭᠡᠨ ᠤ ᠳᠠᠭᠠᠳᠬᠠᠯ ᠪᠣᠯ ᠠᠷᠠᠳ ᠲᠦᠮᠡᠨ ᠤ | ᠡᠷᠡᠭᠦᠯ ᠮᠡᠨᠳᠦ ᠶᠢ ᠪᠠᠲᠤᠯᠠᠬᠤ ᠨᠢᠭᠡᠨ ᠦᠨᠳᠦᠰᠦᠨ ᠳᠦᠷᠢᠮ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠰᠢᠨ᠎ᠡ ᠨᠢᠭᠡ ᠡᠭᠡᠯᠵᠢ ᠶᠢᠨ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠠᠴᠠ ᠨᠠᠭᠠᠰᠢ᠂ ᠮᠠᠨ ᠤ ᠤᠯᠤᠰ ᠨᠢᠭᠡᠨᠲᠡ ᠪᠦᠬᠦ | ᠳᠡᠯᠡᠬᠡᠢ ᠶᠢᠨ ᠬᠠᠮᠤᠭ ᠤᠨ ᠶᠡᠭᠡ᠂ ᠪᠦᠬᠦ ᠠᠷᠠᠳ ᠢ ᠬᠠᠮᠤᠷᠤᠭᠰᠠᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ | ᠲᠣᠣᠷ ᠢ ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ | ᠡᠮᠴᠢᠯᠡᠭᠡᠨ ᠤ ᠳᠠᠭᠠᠳᠬᠠᠯ ᠨᠢ 13.6 ᠳ᠋ᠦᠩᠰᠢᠭᠤᠷ ᠬᠥᠮᠦᠨ ᠢ ᠬᠠᠮᠤᠷᠴᠤ᠂ ᠬᠠᠮᠤᠷᠤᠭᠰᠠᠨ ᠨᠤᠷᠮ᠎ᠠ ᠶᠢ | 95% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠥᠭᠡᠷᠡᠴᠢᠯᠡᠯᠲᠡ | ᠬᠥᠭᠵᠢᠯᠲᠡ ᠪᠠᠰᠠ ᠴᠢᠬᠤᠯᠠ ᠠᠬᠢᠴᠠ ᠲᠠᠢ ᠪᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ | ᠡᠪᠡᠳᠴᠢᠨ ᠦᠵᠡᠭᠦᠯᠬᠦ ᠳᠤ ᠦᠨᠡᠲᠡᠢ ᠠᠰᠠᠭᠤᠳᠠᠯ ᠢ ᠨᠠᠮᠳᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ | ᠦᠵᠡᠭᠦᠯᠵᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠮᠴᠢᠯᠡᠭᠡᠨ ᠤ ᠳᠠᠭᠠᠳᠬᠠᠯ ᠤᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠴᠢᠳᠠᠯ ᠤᠨ ᠴᠢᠨᠡᠭᠡ ᠪᠠᠷ ᠢᠶᠠᠨ ᠴᠢᠷᠮᠠᠶᠢᠵᠤ᠂ ᠴᠢᠳᠠᠯ ᠤᠨ | ᠬᠢᠷᠢ ᠪᠠᠷ ᠢᠶᠠᠨ ᠬᠢᠵᠦ᠂ ᠡᠮᠴᠢᠯᠡᠭᠡᠨ ᠤ ᠪᠠᠲᠤᠯᠠᠭ᠎ᠠ ᠳᠤ ᠦᠨᠳᠦᠰᠦᠨ ᠵᠦᠢᠯ ᠢ ᠪᠠᠲᠤᠯᠠᠬᠤ ᠣᠨᠣᠯᠵᠢᠬᠤᠨ ᠢ ᠢᠮᠠᠭᠲᠠ | ᠲᠤᠭᠤᠰᠢᠯᠠᠭᠤᠯᠵᠤ᠂ ᠬᠢᠷᠢ ᠲᠦᠪᠰᠢᠨ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠦᠷᠭᠦᠯᠵᠢᠯᠡᠬᠦᠶᠢᠴᠡ | ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠨᠢᠭᠡ ᠳᠤ᠂ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠳᠠᠭᠠᠳᠬᠠᠯ ᠤᠨ | ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠠᠪᠰᠤᠷᠤᠮᠵᠢ ᠲᠥᠷᠥ ᠶᠢᠨ | ᠪᠣᠳᠣᠯᠭ᠎ᠠ ᠶᠢ ᠲᠥᠷᠥᠯ ᠬᠤᠪᠢᠶᠠᠨ ᠰᠢᠯᠢᠳᠡᠭᠵᠢᠭᠦᠯᠬᠦ ᠬᠡᠷᠡᠭᠲᠡᠢ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠠᠵᠢᠯᠳᠠᠨ ᠠᠵᠢᠯᠴᠢᠨ ᠪᠠ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ | ᠠᠬᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠡᠷᠦᠭᠡ ᠠᠮᠠ ᠶᠢᠨ | ᠬᠠᠷᠢᠶᠠᠯᠠᠯ ᠤᠨ ᠬᠢᠵᠠᠭᠠᠷᠯᠠᠯ ᠢ ᠴᠢᠯᠥᠭᠡᠲᠡᠶ ᠪᠣᠯᠭᠠᠬᠤ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠬᠠᠷᠠᠭᠠᠯᠵᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ | ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠦᠨᠳᠦ ᠡᠪᠡᠳᠴᠢᠨ ᠤ | ᠳᠠᠭᠠᠳᠬᠠᠯ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠢ ᠵᠣᠯᠭᠠᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠦᠴᠢᠷᠳᠡᠯ ᠲᠠᠢ ᠤᠯᠠᠨ ᠲᠦᠮᠡᠨ ᠤ ᠬᠦᠨᠳᠦ ᠶᠡᠭᠡ ᠡᠪᠡᠳᠴᠢᠨ ᠡᠮᠭᠡᠭ ᠢ | ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠭᠡᠨᠡᠳᠲᠡ ᠶᠢᠨ ᠬᠦᠨᠳᠦ ᠶᠡᠭᠡ ᠬᠢᠵᠢᠭ ᠤᠨ ᠪᠠᠶᠢᠳᠠᠯ | ᠳᠣᠣᠷᠠᠬᠢ ᠤᠷᠢᠳ ᠢᠶᠠᠷ ᠡᠮᠨᠡᠨ ᠵᠠᠰᠠᠵᠤ᠂ ᠲᠠᠷᠠᠭ᠎ᠠ ᠨᠢ ᠰᠦᠢᠳᠬᠡᠯ ᠬᠤᠷᠢᠶᠠᠬᠤ ᠪᠠ ᠣᠨᠴᠠᠭᠠᠶ ᠡᠪᠡᠳᠴᠢᠲᠡᠨ᠂ | ᠣᠨᠴᠠᠭᠠᠶ ᠡᠪᠡᠳᠴᠢᠨ ᠡᠮᠭᠡᠭ ᠲᠤ ᠴᠢᠭᠯᠡᠭᠦᠯᠦᠭᠰᠡᠨ ᠡᠮᠴᠢᠯᠡᠭᠡᠨ ᠤ ᠰᠦᠢᠳᠬᠡᠯ ᠢ ᠬᠡᠯᠲᠦᠷᠢᠭᠦᠯᠬᠦ ᠲᠣᠭᠲᠠᠴᠠ ᠶᠢ | ᠪᠦᠷᠢᠨᠰᠢᠭᠦᠯᠬᠦ ᠬᠡᠷᠡᠭᠲᠡᠢ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠰ ᠤᠨ ᠬᠥᠭᠵᠢᠯᠲᠡ ᠶᠢ | ᠳᠡᠮᠵᠢᠵᠦ᠂ ᠨᠠᠰᠤᠲᠠᠶᠢᠴᠤᠳ ᠵᠡᠷᠭᠡ ᠬᠦᠮᠦᠰ ᠲᠤ ᠬᠠᠨᠳᠤᠭᠤᠯᠤᠭᠰᠠᠨ ᠳᠠᠭᠠᠳᠬᠠᠯ ᠤᠨ ᠨᠡᠷᠡᠳᠬᠦᠨ ᠢ | ᠪᠠᠶᠠᠯᠢᠭᠵᠢᠭᠤᠯᠬᠤ ᠬᠡᠷᠡᠭᠲᠡᠢ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ | ᠲᠣᠭᠲᠠᠭᠤᠨ ᠢᠶᠠᠷ ᠪᠠᠶᠢᠭᠤᠯᠬᠤ ᠬᠡᠷᠡᠭᠲᠡᠢ᠃ ᠦᠷᠡᠵᠢᠯ ᠤᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ | ᠪᠦᠷᠢᠨᠰᠢᠭᠦᠯᠬᠦ ᠬᠡᠷᠡᠭᠲᠡᠢ᠃ ᠬᠤᠶᠠᠷ ᠲᠤ᠂ ᠦᠨᠳᠦᠰᠦᠨ ᠡᠮᠴᠢᠯᠡᠭᠡᠨ ᠤ ᠲᠣᠭᠲᠠᠯᠴᠠᠭ᠎ᠠ᠂ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠲᠦᠷᠢᠮ ᠢ ᠬᠠᠷᠢᠯᠴᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ | ᠡᠮᠨᠡᠬᠦ᠂ ᠡᠮᠴᠢᠯᠡᠭᠡᠨ ᠤ ᠬᠤᠯᠪᠣᠭᠠᠲᠤ ᠴᠣᠭᠴᠠ ᠵᠡᠷᠭᠡ ᠶᠢᠨ ᠬᠥᠭᠵᠢᠯᠲᠡ ᠶᠢ ᠠᠬᠢᠭᠤᠯᠤᠨ᠂ ᠨᠥᠬᠦᠴᠡᠯ ᠳᠤ | ᠨᠡᠶᠢᠴᠡᠭᠰᠡᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠴᠡᠭ | ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠤᠨ᠂ ︽ᠪᠠᠭ᠎ᠠ ᠡᠪᠡᠳᠴᠢᠨ ᠢ ᠶᠡᠭᠡ ᠪᠠᠷ | ᠵᠠᠰᠠᠬᠤ︾᠂ ᠬᠡᠲᠦᠷᠡᠲᠡᠯ᠎ᠡ ᠡᠮᠴᠢᠯᠡᠬᠦ ᠦᠵᠡᠭᠳᠡᠯ ᠢ ᠪᠠᠭᠠᠰᠬᠠᠵᠤ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ | ᠬᠡᠷᠡᠭᠯᠡᠯᠲᠡ ᠶᠢᠨ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠡᠮᠴᠢᠯᠡᠭᠡᠨ ᠤ ᠳᠠᠭᠠᠳᠬᠠᠯ ᠪᠣᠯᠤᠨ ᠡᠮ | ᠡᠮᠨᠡᠯᠭᠡ ᠶᠢᠨ ᠬᠠᠮᠵᠢᠯᠴᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠤᠯᠤᠰ ᠠᠴᠠ ᠡᠮ ᠤᠨ ᠵᠦᠢᠯ ᠢ | ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠳᠦᠷᠢᠮ ᠢ ᠦᠷᠭᠦᠯᠵᠢᠯᠡᠨ | ᠬᠡᠷᠡᠭᠵᠢᠭᠦᠯᠵᠦ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ | ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶ᠎ᠡ ᠶᠢ ᠥᠷᠭᠡᠳᠬᠡᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠡᠲᠦ ᠥᠨᠳᠥᠷ ᠪᠠᠶᠢᠬᠤ ᠶᠢ ᠬᠤᠷᠢᠭᠯᠠᠬᠤ ᠬᠡᠷᠡᠭᠲᠡᠢ᠃ | ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ᠂ ᠡᠪᠡᠳᠴᠢᠲᠡᠨ ᠳᠤ ᠢᠯᠡᠳᠲᠡ ᠠᠰᠢᠭ ᠬᠦᠷᠲᠡᠭᠡᠬᠦ ᠡᠮ ᠤᠨ ᠵᠦᠢᠯ ᠢ | ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠳᠥᠯᠥᠬᠦ ᠬᠡᠪᠴᠢᠶᠡᠨ ᠳᠤ ᠣᠷᠣᠭᠤᠯᠵᠤ᠂ ᠢᠷᠡᠬᠦ ᠵᠢᠯ ᠳᠤ ᠪᠥᠬᠦ | ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠡᠷᠡᠭᠯᠡᠬᠦ ᠡᠮ ᠤᠨ ᠬᠡᠪᠴᠢᠶ᠎ᠡ ᠶᠢ ᠦᠨᠳᠦᠰᠦᠨ ᠳᠤ ᠪᠠᠨ | ᠨᠢᠭᠡᠲᠦᠯᠲᠡᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠤᠵᠢ ᠬᠤᠲᠠ ᠰᠢᠶᠠᠨ ᠰᠢᠶᠠᠩ | ᠲᠣᠰᠬᠤᠨ ᠢ ᠬᠠᠮᠤᠷᠤᠭᠰᠠᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠣᠣᠷ ᠢ ᠪᠠᠶᠢᠭᠤᠯᠬᠤ ᠬᠡᠷᠡᠭᠲᠡᠢ᠃ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠪᠦᠷᠢᠳᠬᠡᠨ ᠳᠠᠩᠰᠠᠯᠠᠬᠤ ᠪᠠ | ᠵᠠᠯᠭᠠᠭᠤᠯᠤᠨ ᠰᠢᠯᠵᠢᠭᠦᠯᠬᠦ ᠵᠡᠷᠭᠡ ᠶᠢᠨ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠠᠬᠢᠭᠤᠯᠵᠤ᠂ ᠣᠨᠳᠣᠣ | ᠭᠠᠵᠠᠷ ᠲᠤ ᠡᠮᠨᠡᠭᠦᠯᠵᠦ ᠡᠮᠨᠡᠯᠭᠡ ᠳᠤ ᠰᠠᠭᠤᠬᠤ᠂ ᠡᠭᠦᠳᠡᠨ ᠡᠮᠨᠡᠯᠭᠡ ᠳᠤ ᠡᠮᠨᠡᠭᠦᠯᠬᠦ ᠵᠠᠷᠤᠳᠠᠯ ᠢ ᠰᠦᠯᠵᠢᠶᠡᠨ ᠳᠡᠭᠡᠷ᠎ᠡ | ᠳ᠋ᠦᠩᠨᠡᠨ ᠪᠤᠳᠤᠬᠤ ᠶᠢ ᠪᠦᠬᠦ ᠤᠯᠤᠰ ᠤᠨ ᠬᠡᠪᠴᠢᠶᠡᠨ ᠳᠤ ᠪᠡᠶᠡᠯᠡᠭᠦᠯᠬᠦ ᠬᠡᠷᠡᠭᠲᠡᠢ᠃ ᠲᠠᠪᠤ ᠳᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠰᠢᠰᠲ᠋ᠧᠮ ᠢᠶᠠᠷ ᠬᠢᠨᠠᠨ ᠡᠵᠡᠮᠳᠡᠬᠦ᠂ ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠵᠡᠷᠭᠡ ᠠᠷᠭ᠎ᠠ | ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠬᠦ | ᠬᠡᠷᠡᠭᠲᠡᠢ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠵᠡᠷᠭᠡ ᠭᠤᠷᠪᠠᠳᠠᠭᠴᠢ ᠡᠲᠡᠭᠡᠳ ᠤᠨ ᠬᠦᠴᠦᠨ ᠢ | ᠣᠷᠣᠭᠤᠯᠤᠨ ᠠᠪᠴᠢᠷᠠᠵᠤ ᠬᠢᠨᠠᠨ ᠬᠠᠮᠢᠶᠠᠷᠬᠤ ᠲᠤᠰᠬᠠᠶ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠨᠡᠩ ᠪᠦᠲᠦᠮᠵᠢᠲᠡᠶ ᠪᠠᠷ ᠪᠠᠳᠠᠷᠠᠭᠤᠯᠬᠤ ᠬᠡᠷᠡᠭᠲᠡᠢ᠃ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠵᠢᠴᠢ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠠᠭ | ᠲᠤᠬᠠᠶ ᠳᠤ ᠨᠢ ᠢᠯᠡ ᠪᠠᠷ ᠵᠠᠷᠯᠠᠨ ᠮᠡᠳᠡᠭᠳᠡᠵᠦ᠂ ᠮᠡᠬᠡᠯᠡᠨ ᠬᠢᠬᠠᠵᠤ ᠳᠠᠭᠠᠳᠬᠠᠯ ᠮᠡᠬᠡᠯᠡᠬᠦ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠡᠢ᠃ | ᠬᠤᠷᠠᠯ ᠠᠴᠠ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ ︵ᠡᠬᠡ ᠨᠣᠣᠷᠠᠭ︶︾ ᠢ | ᠪᠠᠲᠤᠯᠠᠪᠠ᠃ ᠡᠬᠡ ᠨᠣᠣᠷᠠᠭ ᠲᠤ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠠᠵᠠᠷ ᠳᠣᠤᠷᠠᠬᠢ | ᠤᠰᠤ ᠶᠢ ᠲᠠᠲᠠᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤᠨ ᠲᠦᠪᠰᠢᠨ ᠢ ᠬᠢᠵᠠᠭᠠᠷᠯᠠᠬᠤ ᠲᠦᠷᠢᠮ ᠢ | ᠲᠣᠳᠣᠷᠬᠠᠶ ᠲᠣᠭᠲᠠᠭᠠᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠭᠠᠶᠢᠯᠢ ᠰᠦᠢᠳᠬᠡᠯ ᠤᠨ | ᠪᠠᠷᠢᠮᠵᠢᠶ᠎ᠠ ᠶᠢ ᠵᠦᠶ ᠵᠣᠬᠢᠰᠲᠠᠶ ᠳᠡᠭᠡᠭᠰᠢᠯᠡᠭᠦᠯᠬᠦ ᠪᠠᠷ ᠲᠣᠭᠲᠠᠭᠠᠪᠠ᠃ ᠡᠬᠡ ᠨᠣᠣᠷᠠᠭ ᠲᠤ ᠰᠠᠯᠠᠭ᠎ᠠ ᠮᠥᠴᠢᠷ ᠪᠠ | ᠣᠷᠣᠨ ᠨᠤᠲᠤᠭ ᠤᠨ ᠬᠢᠨ ᠤ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠵᠠᠶ᠃ | ᠨᠡᠭᠡᠭᠡᠨ ᠮᠠᠯᠲᠠᠬᠤ ᠶᠢ ᠴᠠᠭᠠᠵᠠᠯᠠᠬᠤ ᠣᠷᠣᠨ ᠪᠠ ᠨᠡᠭᠡᠭᠡᠨ ᠮᠠᠯᠲᠠᠬᠤ ᠶᠢ ᠬᠢᠵᠠᠭᠠᠷᠯᠠᠬᠤ ᠣᠷᠣᠨ ᠢ ᠵᠠᠭᠠᠭᠯᠠᠨ | ᠲᠣᠭᠲᠠᠭᠠᠬᠤ ᠪᠠᠷ ᠱᠠᠭᠠᠷᠳᠠᠪᠠ᠃ ᠣᠨᠴᠠᠭᠠᠶ ᠪᠠᠶᠢᠳᠠᠯ ᠠᠴᠠ ᠭᠠᠳᠠᠨ᠎ᠠ ᠨᠡᠭᠡᠭᠡᠨ ᠮᠠᠯᠲᠠᠬᠤ ᠶᠢ ᠴᠠᠭᠠᠵᠠᠯᠠᠭᠰᠠᠨ | ᠣᠷᠣᠨ ᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠵᠤ᠂ ᠨᠡᠭᠡᠭᠡᠨ ᠮᠠᠯᠲᠠᠬᠤ ᠶᠢ ᠬᠢᠵᠠᠭᠠᠷᠯᠠᠭᠰᠠᠨ | ᠣᠷᠣᠨ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠣᠷᠣᠨ ᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠵᠤ᠂ | ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠪᠤᠶᠤ ᠪᠣᠬᠢᠷᠲᠤᠭᠤᠯᠵᠤ ᠮᠡᠳᠡᠬᠦ ᠦᠢᠯᠡ ᠠᠵᠢᠯᠯᠠᠭ᠎ᠠ ᠶᠢ ᠴᠠᠭᠠᠵᠠᠯᠠᠨ᠎ᠠ | ᠭᠡᠵᠦ ᠲᠣᠳᠣᠷᠬᠠᠢ ᠲᠣᠭᠲᠠᠭᠠᠵᠠᠶ᠃ ᠲᠥᠰᠦᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠦᠢᠯᠡ | ᠠᠵᠢᠯᠯᠠᠭ᠎ᠠ ᠶᠢ ᠴᠢᠩᠭ᠎ᠠ ᠰᠢᠢᠳᠬᠡᠬᠦ ᠲᠤᠬᠠᠶ ᠲᠣᠳᠣᠷᠬᠠᠶ ᠲᠣᠭᠲᠠᠭᠠᠯ ᠭᠠᠷᠭᠠᠵᠠᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | | |