84 ᠠᠷᠢᠭᠤᠳᠬᠠᠬᠤ ᠰᠢᠩᠭᠡᠨ ᠢ ᠡᠨᠡ ᠬᠤᠶᠠᠷ ᠪᠤᠳᠠᠰ ᠲᠠᠢ ᠬᠠᠮᠳᠤ ᠭᠡᠷᠡᠭᠯᠡᠵᠤ ᠪᠤᠯᠬᠤ ᠦᠭᠡᠢ᠂ ᠠᠮᠢᠨ ᠳᠤ ᠴᠢᠨᠢ ᠬᠦᠷᠴᠥ ᠮᠡᠳᠡᠨ᠎ᠡ
ᠨᠡᠶᠢᠲᠡᠯᠡᠭᠰᠡᠨ ᠴᠠᠭ᠄
2021/9/24
     84 ᠠᠷᠢᠭᠤᠳᠬᠠᠬᠤ ᠰᠢᠩᠭᠡᠨ ᠪᠤᠯ ᠬᠠᠮᠤᠭ ᠦᠷᠬᠦᠯᠵᠢ ᠬᠡᠷᠡᠭᠯᠡᠭᠳᠡᠵᠦ ᠪᠠᠶᠢᠭ᠎ᠠ ᠠᠷᠢᠭᠤᠳᠬᠠᠬᠤ ᠰᠢᠩᠭᠡᠨ ᠪᠤᠯᠬᠤ ᠪᠦᠭᠡᠳ ᠬᠡᠷᠡᠭᠯᠡᠬᠦ ᠳᠤ ᠲᠦᠭᠦᠮ ᠪᠠᠶᠢᠳᠠᠭ ᠲᠤᠯᠠ ᠬᠦᠮᠦᠰ ᠤᠳᠤ ᠪᠤᠯᠳᠠᠯ᠎ᠠ ᠬᠡᠷᠡᠭᠯᠡᠭᠰᠡᠭᠡᠷ ᠪᠠᠶᠢᠭ᠎ᠠ᠃ ᠭᠡᠳᠡᠯ᠎ᠡ ᠵᠠᠷᠢᠮ ᠬᠦᠮᠦᠰ ᠪᠤᠷᠤᠭᠤ ᠬᠡᠷᠡᠭᠯᠡᠵᠦ ᠠᠶᠤᠯ ᠬᠤᠬᠢᠷᠠᠯ ᠳᠤ ᠤᠴᠠᠷᠠᠭᠰᠠᠭᠠᠷ ᠪᠤᠢ᠃ ᠬᠢᠴᠢᠶᠡᠭᠡᠷᠡᠢ︕      84 ᠠᠷᠢᠭᠤᠳᠬᠠᠬᠤ ᠰᠢᠩᠭᠡᠨ ᠤ ᠭᠤᠤᠯ ᠪᠦᠷᠢᠯᠳᠦᠬᠦᠨ ᠨᠢ ᠾᠯᠤᠷ ᠬᠦᠴᠢᠯ ᠪᠤᠯᠤᠨ᠎ᠠ᠃ ᠾᠯᠤᠷ ᠬᠦᠴᠢᠯ ᠤᠨ ᠢᠰᠦᠯᠳᠦᠬᠦᠯᠬᠦ ᠴᠢᠳᠠᠪᠬᠢ ᠨᠢ ᠴᠢᠩᠭ᠎ᠠ ᠪᠠᠶᠢᠵᠦ᠂ ᠪᠠᠺᠲ᠋ᠧᠷᠢ ᠢ ᠢᠰᠦᠯᠳᠦᠬᠦᠯᠬᠦ ᠪᠠᠷ ᠲᠠᠮᠵᠢᠨ ᠬᠠᠯᠳᠠᠪᠤᠷᠢᠯᠠᠬᠤ ᠪᠤᠶᠤ ᠦᠷᠡᠵᠢᠬᠦ ᠴᠢᠳᠠᠪᠬᠢ ᠶᠢ ᠨᠢ ᠤᠰᠠᠳᠬᠠᠵᠦ ᠴᠢᠳᠠᠳᠠᠭ᠃ ᠠᠳᠠᠯᠢ ᠪᠠᠷ ᠰᠢᠨ᠎ᠡ ᠲᠢᠳᠡᠮᠯᠢᠭ ᠠᠭᠤᠰᠬᠢᠨ ᠦᠷᠪᠢᠰᠦᠯ ᠤᠨ ᠸᠢᠷᠦ᠋ᠰ ᠢ ᠴᠤ ᠤᠰᠠᠳᠬᠠᠵᠦ ᠴᠢᠳᠠᠨ᠎ᠠ᠃      84 ᠠᠷᠢᠭᠤᠳᠬᠠᠬᠤ ᠰᠢᠩᠭᠡᠨ ᠪᠤᠯᠤᠨ ᠰᠫᠢᠷᠲ ᠢ ᠬᠠᠮᠳᠤ ᠬᠡᠷᠡᠭᠯᠡᠵᠦ ᠪᠤᠯᠬᠤ ᠦᠭᠡᠢ᠃ ᠤᠠᠯᠩᠬᠢ ᠭᠡᠷ ᠪᠦᠯᠢ ᠶᠢᠨ ᠬᠢᠨ 75% ᠶᠢᠨ ᠰᠫᠢᠷᠲ ᠪᠠ 84 ᠠᠷᠢᠭᠤᠳᠬᠠᠬᠤ ᠰᠢᠩᠭᠡᠨ ᠢ ᠬᠠᠮᠳᠤ ᠬᠡᠷᠡᠭᠯᠡᠬᠦ ᠨᠢ ᠦᠢᠯᠡᠳᠦᠯ ᠢᠶᠠᠷ ᠨᠡᠩ ᠰᠠᠶᠢᠨ ᠭᠡᠵᠦ ᠦᠵᠡᠳᠡᠭ᠃ ᠡᠨᠡ ᠪᠤᠯ ᠪᠤᠷᠤᠭᠤ ᠶᠤᠮ᠃ ᠡᠨᠡ ᠬᠤᠶᠠᠷ ᠪᠤᠳᠠᠰ ᠢ ᠬᠠᠮᠳᠤ ᠭᠡᠷᠡᠭᠯᠡᠪᠡᠯ ᠬᠢᠮᠢ ᠶᠢᠨ ᠤᠷᠪᠠᠯ ᠡᠬᠦᠰᠴᠤ ᠬᠤᠤᠷᠳᠠᠢ ᠾᠯᠤᠷᠵᠢᠭᠰᠠᠨ ᠪᠤᠳᠠᠰ ᠢ ᠡᠬᠦᠰᠭᠡᠨ᠎ᠡ᠃ ᠾᠯᠤᠷᠵᠢᠭᠰᠠᠨ ᠪᠤᠳᠠᠰ ᠪᠤᠯ ᠬᠦᠮᠦᠨ ᠤ ᠪᠡᠶ᠎ᠡ ᠳᠤ ᠬᠤᠤᠷᠳᠠᠢ ᠪᠠᠶᠢᠳᠠᠭ᠃      84 ᠠᠷᠢᠭᠤᠳᠬᠠᠬᠤ ᠰᠢᠩᠭᠡᠨ ᠪᠤᠯᠤᠨ ᠵᠤᠷᠯᠤᠩ ᠴᠡᠪᠡᠷᠯᠡᠬᠦ ᠰᠢᠩᠭᠡᠨ ᠢ ᠬᠠᠮᠳᠤ ᠬᠡᠷᠡᠭᠯᠡᠵᠦ ᠪᠤᠯᠬᠤ ᠦᠭᠡᠢ᠃ ᠵᠤᠷᠯᠤᠩ ᠴᠡᠪᠡᠷᠯᠡᠬᠦ ᠰᠢᠩᠭᠡᠨ ᠤ ᠭᠤᠤᠯ ᠪᠦᠷᠢᠯᠳᠦᠬᠦᠨ ᠪᠤᠯ ᠲᠠᠪᠤᠰᠤᠨ ᠬᠦᠴᠢᠯ ᠪᠤᠯᠤᠨ᠎ᠠ᠃ ᠲᠠᠪᠤᠰᠤᠨ ᠬᠦᠴᠢᠯ ᠪᠤᠯᠤᠨ ᠾᠯᠤᠷ ᠬᠦᠴᠢᠯ ᠨᠡᠶᠢᠯᠡᠪᠡᠯ ᠬᠢᠮᠢ ᠶᠢᠨ ᠤᠷᠪᠠᠯ ᠡᠬᠦᠰᠴᠤ ᠾᠯᠤᠷ ᠤᠨ ᠬᠡᠢ ᠶᠢ ᠢᠯᠭᠠᠷᠠᠭᠤᠯᠳᠠᠭ᠃ ᠾᠯᠤᠷ ᠤᠨ ᠬᠡᠢ ᠨᠢ ᠠᠮᠢᠰᠬᠤᠯ ᠢᠶᠠᠷ ᠲᠠᠮᠵᠢᠨ ᠬᠦᠮᠦᠨ ᠤ ᠪᠡᠶ᠎ᠡ ᠳᠤ ᠦᠵᠡᠬᠦᠯᠬᠦ ᠬᠤᠤᠷᠳᠠᠢ ᠨᠦᠯᠦᠭᠡ ᠲᠦᠢᠯ ᠤᠨ ᠶᠡᠭᠡ᠂ ᠪᠠᠰᠠ ᠨᠢᠳᠦ ᠪᠤᠶᠤ ᠠᠷᠠᠰᠤᠨ ᠳᠤ ᠲᠦᠢᠯ ᠤᠨ ᠴᠢᠩᠭ᠎ᠠ ᠰᠡᠳᠡᠯᠳᠡ ᠦᠭᠳᠡᠭ᠃ ᠾᠯᠤᠷ ᠤᠨ ᠬᠡᠢ ᠨᠢ ᠨᠢᠭᠡ ᠬᠡᠮᠵᠢᠶᠡᠨ ᠤ ᠬᠤᠷᠠᠮᠳᠤᠯ ᠳᠤ ᠬᠦᠷᠪᠡᠯ ᠬᠦᠮᠦᠨ ᠤ ᠠᠮᠢ ᠨᠠᠰᠤ ᠶᠢ ᠬᠤᠷᠤᠭᠠᠬᠤ ᠪᠤᠯᠤᠨ᠎ᠠ᠃      84 ᠠᠷᠢᠭᠤᠳᠬᠠᠬᠤ ᠰᠢᠩᠭᠡᠨ ᠢ ᠬᠡᠷᠡᠭᠯᠡᠬᠦ ᠳᠤ ᠠᠩᠬᠠᠷᠬᠤ ᠵᠦᠢᠯ᠄      1. 84 ᠠᠷᠢᠭᠤᠳᠬᠠᠬᠤ ᠰᠢᠩᠭᠡᠨ ᠢ ᠰᠢᠭᠤᠳ ᠬᠡᠷᠡᠭᠯᠡᠵᠦ ᠪᠤᠯᠬᠤ ᠦᠭᠡᠢ᠃ ᠵᠠᠪᠠᠯ ᠬᠡᠷᠡᠭᠯᠡᠬᠦ ᠲᠠᠶᠢᠯᠦᠮᠵᠢ ᠶᠢ ᠰᠠᠶᠢᠳᠤᠷ ᠪᠤᠯᠭᠤᠭᠠᠨ ᠦᠵᠡᠵᠦ᠂ ᠲᠤᠭᠳᠠᠮᠠᠯ ᠬᠡᠮᠵᠢᠶᠡᠨ ᠤ ᠤᠰᠤ ᠲᠠᠢ ᠬᠤᠯᠢᠵᠦ ᠰᠢᠩᠭᠡᠯᠡᠭᠰᠡᠨ ᠤ ᠲᠠᠷᠠᠭ᠎ᠠ ᠬᠡᠷᠡᠭᠯᠡᠨ᠎ᠡ᠃      2. 84 ᠠᠷᠢᠭᠤᠳᠬᠠᠬᠤ ᠰᠢᠩᠭᠡᠨ ᠢ ᠬᠡᠷᠡᠭᠯᠡᠭᠰᠡᠨ ᠤ ᠲᠠᠷᠠᠭ᠎ᠠ ᠭᠡᠷ ᠲᠡᠭᠡᠨ ᠰᠠᠯᠬᠢ ᠨᠡᠪᠳᠡᠷᠡᠬᠦᠯᠬᠦ ᠬᠡᠷᠡᠭᠳᠡᠢ᠃      3. 84 ᠠᠷᠢᠭᠤᠳᠬᠠᠬᠤ ᠰᠢᠩᠭᠡᠨ ᠢᠶᠠᠨ ᠲᠤᠬᠢᠳᠠᠢ ᠭᠠᠵᠠᠷ ᠲᠤ ᠬᠤᠷᠢᠶᠠᠵᠦ ᠬᠡᠤᠭᠡᠳ ᠲᠤ ᠤᠶᠢᠷᠠᠳᠤᠭᠤᠯᠵᠦ ᠪᠤᠯᠬᠤ ᠦᠭᠡᠢ᠃      4. 84 ᠠᠷᠢᠭᠤᠳᠬᠠᠬᠤ ᠰᠢᠩᠭᠡᠨ ᠢ ᠬᠡᠷᠡᠭᠯᠡᠬᠦ ᠳᠡᠭᠡᠨ ᠵᠠᠪᠠᠯ ᠭᠠᠷ ᠲᠠᠭᠠᠨ ᠰᠦᠯᠢᠶᠤᠤ ᠪᠡᠭᠡᠯᠡᠢ ᠵᠡᠬᠦᠬᠦ ᠬᠡᠷᠡᠭᠲᠡᠢ᠃
 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号