ᠮᠠᠨ ᠤ ᠬᠤᠰᠢᠭᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/27
     9 ᠰᠠᠷ᠎ᠠ ᠶᠢᠨ 26 ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠬᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠢᠶᠠ ᡁᠢ ᠺᠦᠶ ᠨᠤᠲᠤᠭ ᠪᠡᠯᠴᠢᠭᠡᠷ ᠤᠶᠢᠳᠦ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ᠂ ᠪᠥᠬᠦ ᠬᠤᠰᠢᠭᠤᠨ ᠤ ᠠᠵᠢᠯ ᠤᠨ ᠪᠠᠶᠢᠳᠠᠯ ᠢ ᠮᠡᠳᠡᠭᠳᠡᠵᠦ᠂ ᠠᠰᠠᠭᠤᠳᠠᠯ ᠲᠠᠢ ᠬᠡᠷᠡᠭ᠂  ᠵᠢᠷᠤᠭ ᠢ ᠰᠤᠳᠤᠯᠤᠨ ᠮᠠᠭᠠᠳᠯᠠᠵᠤ᠂ ᠣᠳᠣᠬᠠᠨ ᠤ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠵᠠᠳᠠᠯᠤᠨ ᠰᠤᠳᠤᠯᠤᠨ ᠮᠠᠭᠠᠳᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠱᠠᠲᠤᠨ ᠤ ᠠᠵᠢᠯ ᠢ ᠪᠠᠶᠢᠷᠢᠯᠠᠭᠤᠯᠪᠠ᠃ ᠬᠤᠰᠢᠭᠤᠨ  ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠳᠠᠷᠤᠭ᠎ᠠ ᠦᠷᠭᠡᠨ᠂ ᠤᠳᠤᠷᠢᠳᠬᠤ ᠳᠤᠭᠤᠶᠢᠯᠠᠩ᠂ ᠡᠯ᠎ᠡ ᠲᠤᠰᠬᠠᠶ ᠠᠵᠢᠯ ᠤᠨ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
        ᠬᠤᠷᠠᠯ ᠳᠤ᠂ ᠪᠥᠬᠦ ᠬᠤᠰᠢᠭᠤᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠥᠬᠦᠶ ᠵᠦᠢᠯᠡᠰ ᠢ ᠬᠢᠨᠠᠨ ᠵᠥᠪᠯᠡᠵᠦ ᠪᠠᠳᠤᠯᠠᠪᠠ᠃     ᠲᠠᠷᠠᠭᠠᠴᠢ ᠶᠢᠨ ᠱᠠᠲᠤᠨ ᠤ ᠠᠵᠢᠯ ᠢ ᠰᠠᠶᠢᠲᠤᠷ ᠬᠢᠬᠦ ᠲᠤᠬᠠᠶ ᠵᠢᠶᠠ ᡁᠢ ᠺᠦᠶ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠤᠨ ᠵᠥᠷᠢᠶ᠎ᠡ ᠳᠤ ᠵᠥᠪ ᠢᠶᠠᠷ ᠬᠠᠨᠳᠤᠵᠤ᠂ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ︔ ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢᠨ ᠴᠡᠭᠴᠡᠯᠡᠨ ᠵᠠᠰᠠᠬᠤ ᠱᠠᠲᠤᠨ ᠤ ᠠᠵᠢᠯ ᠴᠠᠭ ᠪᠠᠴᠢᠮ᠂ ᠡᠭᠦᠷᠭᠡ ᠬᠦᠨᠳᠦ ᠤᠴᠢᠷ ᠠᠴᠠ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠨᠢᠭᠡᠳᠬᠡᠵᠦ᠂ ᠶᠡᠭᠡ ᠬᠡᠷᠡᠭ ᠴᠢᠬᠤᠯᠠ ᠬᠡᠷᠡᠭ ᠢ ᠴᠢᠩᠭ᠎ᠠ ᠠᠩᠬᠠᠷᠤᠨ᠂ ᠠᠰᠠᠭᠤᠳᠠᠯ ᠲᠠᠢ ᠬᠡᠷᠡᠭ ᠪᠠ  ᠵᠢᠷᠤᠭ ᠲᠥᠯᠥᠪ ᠢ ᠴᠡᠭᠴᠡᠯᠡᠨ ᠰᠠᠶᠢᠵᠢᠷᠠᠭᠤᠯᠬᠤ ᠶᠢ ᠡᠮᠬᠢ ᠵᠢᠷᠤᠮ ᠲᠠᠢ ᠠᠬᠢᠭᠤᠯᠵᠤ᠂ ᠴᠠᠭ ᠬᠤᠭᠤᠴᠠᠭ᠎ᠠ ᠶᠢ ᠡᠵᠡᠮᠳᠡᠨ᠂ ᠮᠠᠨ ᠤ ᠬᠤᠰᠢᠭᠤᠨ ᠤ ᠠᠷᠪᠠᠨ ᠵᠢᠯ ᠤᠨ ᠲᠤᠷᠰᠢᠬᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠭᠡᠵᠡᠢ᠃                                  ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号