ᠪᠦᠬᠡᠪᠠᠶᠠᠷ 2021 ᠣᠨ ᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/27
     9 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠥᠷᠪᠡᠳᠦᠭᠡᠷ  ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠭᠡᠪᠠᠶᠠᠷ 2021 ᠣᠨ ᠤ ᠬᠤᠰᠢᠭᠤᠨ ᠤ ᠨᠠᠮ ᠤᠨ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠨ ᠬᠤᠷᠠᠯᠳᠤᠭᠤᠯᠪᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠬᠠᠰ ᠵᠢᠴᠢ ᠮᠠᠨ ᠤ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠰᠠᠯᠠᠭᠠᠨ ᠲᠠᠰ ᠤᠨ ᠤᠳᠤᠷᠢᠳᠬᠤ ᠺᠠᠳ᠋ᠷ ᠨᠡᠶᠢᠲᠡ 240 ᠬᠥᠮᠦᠨ ᠲᠣᠰ ᠠᠵᠢᠯᠯᠠᠭ᠎ᠠ ᠳᠤ ᠣᠷᠣᠯᠴᠠᠵᠠᠶ᠃     ᠶᠣᠰᠣᠯᠠᠯ ᠳᠤ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠤᠤᠯ ᠤᠨ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠨᠠᠮ ᠤᠨ ᠲᠡᠤᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ᠂  ᠰᠢᠢᠳᠪᠦᠷᠢᠳᠦ ᠪᠣᠳᠣᠯᠭ᠎ᠠ ᠶᠢᠨ ᠯᠠᠪᠯᠠᠯᠭ᠎ᠠ ᠶᠢᠨ ᠲᠥᠪ ᠤᠨ ᠡᠷᠬᠢᠯᠡᠭᠴᠢ ᠶᠠᠩ ᠶᠣᠣ ᠫᠷᠤᠹᠧᠰᠰᠤᠷ ᠢ ᠤᠷᠢᠵᠤ ᠲᠣᠰ ᠤᠳᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠶᠠᠩ ᠶᠣᠣ ᠫᠷᠤᠹᠧᠰᠰᠤᠷ ︽ᠨᠠᠮ ᠤᠨ ᠬᠠᠤᠯᠢ ᠶᠢᠨ ᠤᠬᠠᠮᠰᠠᠷ ᠢ ᠴᠢᠩᠭᠠᠳᠬᠠᠵᠤ ᠨᠠᠮ ᠤᠨ ᠳᠦᠷᠢᠮ ᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ︾ ᠭᠡᠬᠦ ᠰᠡᠳᠦᠪ ᠢᠶᠠᠷ᠂ ᠨᠠᠮ ᠤᠨ ᠲᠦᠷᠢᠮ ᠵᠢᠴᠢ ᠲᠡᠭᠦᠨ ᠤ ᠴᠢᠳᠠᠮᠵᠢ᠂ ᠨᠠᠮ ᠤᠨ ᠲᠦᠷᠢᠮ ᠢ ᠰᠤᠷᠤᠯᠴᠠᠵᠤ ᠦᠢᠯᠡᠳᠦᠯᠭᠡᠵᠢᠭᠦᠯᠬᠦ ᠶᠢᠨ ᠠᠴᠢ ᠬᠤᠯᠪᠣᠭᠳᠠᠯ᠂ ᠨᠠᠮ ᠤᠨ ᠲᠦᠷᠢᠮ ᠤᠨ ᠬᠥᠭᠵᠢᠯᠲᠡ ᠬᠤᠪᠢᠰᠤᠯᠲᠠ ᠶᠢᠨ ᠶᠠᠪᠤᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠨᠠᠮ ᠤᠨ ᠲᠦᠷᠢᠮ ᠤᠨ ᠭᠤᠣᠯ ᠠᠭᠤᠯᠭ᠎ᠠ᠂ ᠨᠠᠮ ᠤᠨ ᠲᠦᠷᠢᠮ ᠢ ᠬᠦᠨᠳᠦᠳᠭᠡᠨ ᠬᠠᠮᠠᠭᠠᠯᠠᠬᠤ ᠵᠡᠷᠭᠡ ᠲᠠᠯ᠎ᠠ ᠪᠠᠷ ᠭᠤᠣᠯᠳᠠᠭᠤᠯᠵᠤ᠂ ᠶᠡᠭᠡ ᠬᠡᠮᠵᠢᠶᠡᠨ ᠤ ᠠᠮᠢᠳᠤ ᠰᠣᠷᠭᠤᠭ ᠵᠢᠱᠢᠶ᠎ᠡ ᠶᠢ ᠭᠡᠷᠡᠭᠯᠡᠨ᠂ ᠠᠮᠢᠳᠤᠯᠢᠭ ᠳᠦᠷᠰᠦᠯᠢᠭ ᠵᠦᠢᠷᠯᠡᠯ ᠢᠶᠠᠷ ᠨᠠᠮ ᠤᠨ ᠲᠦᠷᠢᠮ ᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠢ ᠰᠢᠰᠲ᠋ᠧᠮ ᠲᠠᠢ ᠲᠠᠶᠢᠯᠪᠤᠷᠢᠯᠠᠪᠠ᠃    ᠪᠦᠬᠡᠪᠠᠶᠠᠷ᠂ ᠨᠠᠮ ᠤᠨ ᠲᠦᠷᠢᠮ ᠪᠣᠯ ᠨᠠᠮ ᠤᠨ ᠦᠨᠳᠦᠰᠦᠨ ᠶᠡᠭᠡ ᠬᠠᠤᠯᠢ ᠮᠥᠨ᠂ ᠪᠦᠬᠦ ᠨᠠᠮ ᠤᠨ ᠡᠷᠬᠡᠪᠰᠢ ᠵᠢᠷᠤᠮᠯᠠᠬᠤ ᠶᠡᠷᠦᠩᠬᠡᠢ ᠲᠦᠷᠢᠮ ᠮᠥᠨ᠃ ᠨᠠᠮ ᠤᠨ ᠲᠦᠷᠢᠮ ᠢ ᠰᠤᠷᠤᠯᠴᠠᠬᠤ᠂ ᠨᠠᠮ ᠤᠨ ᠲᠦᠷᠢᠮ ᠢ ᠵᠢᠷᠤᠮᠯᠠᠬᠤ ᠶᠢ ᠭᠦᠢᠴᠡᠳᠬᠡᠪᠡᠰᠦ ᠵᠣᠬᠢᠬᠤ ᠡᠭᠦᠷᠭᠡ ᠪᠠ ᠲᠥᠪ ᠴᠢᠩᠭ᠎ᠠ ᠬᠠᠷᠢᠭᠤᠴᠠᠯᠭ᠎ᠠ ᠪᠤᠯᠭᠠᠨ᠂ ᠴᠥᠬᠦᠷᠡᠰᠢ ᠦᠭᠡᠢ ᠪᠠᠶᠢᠩᠭᠤ ᠠᠳᠬᠤᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠴᠢᠯᠡᠵᠦ᠂ ᠪᠠᠶᠢᠩᠭᠤ ᠰᠡᠳᠬᠢᠵᠦ ᠪᠠᠶᠢᠩᠭᠤ ᠤᠬᠠᠭᠠᠷᠠᠵᠤ᠂ ︽ᠲᠦᠷᠪᠡᠨ ᠤᠬᠠᠮᠰᠠᠷ︾ ᠢ ᠲᠠᠰᠤᠷᠠᠯᠳᠡ ᠦᠭᠡᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠦᠷᠢᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠨᠠᠮ ᠤᠨ ᠲᠦᠷᠢᠮ ᠤᠨ ᠱᠠᠭᠠᠷᠳᠠᠯᠭ᠎ᠠ ᠶᠢ ᠦᠢᠯᠡᠳᠦᠯᠭᠡᠵᠢᠬᠦᠯᠦᠨ᠂ ᠨᠠᠮ ᠤᠨ ᠲᠦᠷᠢᠮ ᠠᠴᠠ ᠣᠯᠭᠤᠭᠰᠠᠨ ᠴᠢᠬᠤᠯᠠ ᠤᠯᠤᠰ ᠲᠥᠷᠥ ᠶᠢᠨ ᠡᠭᠦᠷᠭᠡ ᠶᠢ ᠭᠤᠶᠢᠪᠢᠰᠢ ᠥᠬᠡᠶ ᠡᠭᠦᠷᠭᠡᠯᠡᠬᠦ ᠬᠡᠷᠡᠭᠲᠡᠶ᠃ ᠨᠠᠮ ᠤᠨ ᠲᠦᠷᠢᠮ ᠢ ᠲᠡᠷᠡ ᠬᠡᠪ ᠢᠶᠠᠷ ᠨᠢ ᠰᠤᠷᠤᠯᠴᠠᠵᠤ᠂ ᠨᠠᠮ ᠤᠨ ᠲᠦᠷᠢᠮ ᠢ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠬᠤ ᠶᠢ ᠠᠬᠢᠭᠤᠯᠵᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ᠂ ᠴᠠᠭ ᠢᠮᠠᠭᠲᠠ ᠪᠠᠷᠢᠮᠵᠢᠶᠠᠯᠠᠨ ᠬᠠᠷᠭᠤᠭᠤᠯᠬᠤ ᠶᠢ ᠪᠠᠷᠢᠮᠲᠠᠯᠠᠵᠤ᠂ ᠢᠮᠠᠭᠲᠠ ᠤᠯᠤᠰ ᠲᠦᠷᠦ ᠶᠢᠨ ᠤᠤᠷ ᠴᠢᠨᠠᠷ ᠢ ᠬᠤᠪᠢᠷᠠᠭᠤᠯᠬᠤ ᠦᠭᠡᠢ᠂ ᠤᠯᠤᠰ ᠲᠦᠷᠦ ᠶᠢᠨ ᠵᠣᠭᠰᠣᠯᠲᠠ ᠶᠢ ᠬᠤᠪᠢᠷᠠᠭᠤᠯᠬᠤ ᠦᠭᠡᠢ᠂ ᠤᠯᠤᠰ ᠲᠦᠷᠦ ᠶᠢᠨ ᠴᠢᠭᠯᠡᠯ ᠢ ᠬᠡᠯᠪᠠᠶᠢᠯᠭᠡᠬᠦ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ ᠭᠡᠵᠡᠢ᠃    ᠪᠦᠬᠡᠪᠠᠶᠠᠷ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠪᠠᠭ ᠤᠨ ᠬᠢᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠨᠠᠮ ᠤᠨ ᠳᠦᠷᠢᠮ ᠢ ᠴᠢᠩᠭ᠎ᠠ ᠵᠢᠷᠤᠮᠯᠠᠨ ᠠᠵᠢᠯᠯᠠᠵᠤ᠂ ᠨᠠᠮ ᠤᠨ ᠳᠦᠷᠢᠮ ᠢᠶᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠳᠠᠯᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠳᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠠᠬᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠠᠵᠢᠯ ᠢ ᠦᠨᠡᠨᠬᠦ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠦ᠂ ᠨᠢᠭᠡ ᠱᠠᠲᠤ ᠨᠢ ᠨᠢᠭᠡ ᠱᠠᠲᠤ ᠪᠠᠨ ᠳᠠᠶᠢᠴᠢᠯᠠᠨ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠦ᠂ ᠨᠠᠮ ᠤᠨ ᠲᠦᠷᠢᠮ ᠤᠨ ᠱᠠᠭᠠᠷᠳᠠᠯᠭ᠎ᠠ ᠶᠢ ᠦᠨᠡᠨ ᠬᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠬᠦᠯᠬᠦ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠳᠡᠭᠡᠷ᠎ᠡ ᠨᠠᠷᠢᠯᠢᠠᠠᠵᠢᠭᠤᠯᠤᠨ᠂ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠠᠩ ᠬᠠᠯᠠᠭᠤᠨ ᠳᠤᠯᠠᠭᠠᠨ ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠪᠠ ᠤᠷᠤᠯᠳᠤᠯᠭ᠎ᠠ ᠲᠠᠢ ᠪᠠᠶᠢᠬᠤ ᠶᠢ ᠢᠯᠡᠷᠡᠬᠦᠯᠬᠦ ᠪᠠᠷ ᠴᠢᠷᠮᠠᠶᠢᠨ᠎ᠠ ᠭᠡᠵᠡᠢ᠃                          ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号