2021ᠤᠨ ᠤ ᠳᠤᠮᠳᠠᠳᠤ ᠮᠤᠩᠭᠤᠯ ᠤᠨ ᠬᠢᠯᠢ ᠵᠠᠭᠠᠬᠯᠠᠬᠤ ᠨᠠᠭᠤᠷ ᠪᠤᠶᠢᠷ ᠨᠠᠭᠤᠷ ᠤᠨ ᠤᠰᠤᠨ ᠤ ᠠᠮᠢᠳᠤ ᠪᠤᠳᠠᠰ ᠤᠨ ᠡᠬᠢ ᠪᠠᠶᠠᠯᠢᠭ ᠢ ᠦᠷᠡᠵᠢᠭᠦᠯᠵᠦ ᠳᠠᠯᠪᠢᠬᠤ ᠠᠵᠢᠯᠯᠠᠭ᠎ᠠ ᠪᠤᠶᠢᠷ ᠨᠠᠭᠤᠷ ᠤᠨ ᠬᠦᠪᠡᠭᠡᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2021/9/27
   9 ᠰᠠᠷ᠎ᠠ ᠶᠢᠨ 3 ᠤ ᠡᠳᠦᠷ᠂ ᠬᠦᠯᠦᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠪᠤᠯᠤᠨ ᠮᠠᠨ ᠤ ᠬᠤᠰᠢᠭᠤ ᠬᠠᠮᠲᠤᠷᠠᠨ ᠡᠷᠬᠢᠯᠡᠭᠰᠡᠨ 2021 ᠤᠨ ᠤ ᠳᠤᠮᠳᠠᠳᠤ ᠮᠤᠩᠭᠤᠯ ᠤᠨ ᠬᠢᠯᠢ ᠵᠠᠭᠠᠬᠯᠠᠬᠤ ᠨᠠᠭᠤᠷ ᠪᠤᠶᠢᠷ ᠨᠠᠭᠤᠷ ᠤᠨ ᠤᠰᠤᠨ ᠤ ᠠᠮᠢᠳᠤ ᠪᠤᠳᠠᠰ ᠤᠨ ᠡᠬᠢ ᠪᠠᠶᠠᠯᠢᠭ ᠢ ᠦᠷᠡᠵᠢᠭᠦᠯᠦᠨ ᠳᠠᠯᠪᠢᠬᠤ ᠠᠵᠢᠯᠯᠠᠭ᠎ᠠ ᠪᠤᠶᠢᠷ ᠨᠠᠭᠤᠷ ᠤᠨ ᠬᠦᠪᠡᠭᠡᠨ ᠳᠤ ᠶᠠᠪᠤᠭᠳᠠᠪᠠ᠃ ᠬᠦᠯᠦᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠳᠠᠷᠤᠭ᠎ᠠ ᠨᠠᠷᠠᠰᠤ ᠨᠠᠷ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠦ ᠰᠢᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳ᠋ᠠᠢ ᠶᠢᠨ ᠴᠢᠤᠸᠠᠨ᠂ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠲᠤ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠤ᠋ ᠹᠧᠩ ᠨᠢᠩ ᠪᠤᠯᠤᠨ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠤᠯᠠᠨ ᠲᠦᠮᠡᠨ ᠤ ᠲᠦᠯᠦᠭᠡᠯᠡᠭᠴᠢ ᠠᠵᠢᠯᠯᠠᠭ᠎ᠠ ᠳᠤ ᠤᠷᠤᠯᠴᠠᠪᠠ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠦ ᠰᠢᠨ᠂ ᠤᠶᠢᠷ᠎ᠠ ᠶᠢᠨ ᠵᠢᠯ ᠳᠤ᠂ ᠮᠠᠨ ᠤ ᠬᠤᠰᠢᠭᠤ ᠵᠢᠭᠠᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠭᠤᠤᠯᠳᠠᠯᠭ᠎ᠠ ᠲᠠᠢ ᠠᠵᠢᠯ ᠪᠤᠯᠭᠠᠨ ᠦᠵᠡᠵᠦ᠂ ᠵᠢᠭᠠᠰᠤᠨ ᠤ ᠡᠬᠢ ᠪᠠᠶᠠᠯᠢᠭ ᠢ ᠵᠠᠰᠠᠨ ᠰᠡᠷᠭᠦᠭᠡᠬᠦ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠯᠢ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠵᠢᠭᠠᠰᠤᠨ ᠤ ᠡᠬᠢ ᠪᠠᠶᠠᠯᠢᠭ ᠲᠦᠷᠭᠡᠨ ᠨᠡᠮᠡᠭᠳᠡᠬᠦ ᠬᠠᠨᠳᠤᠰᠢ ᠲᠠᠢ ᠪᠤᠯᠪᠠ᠃ 3 ᠵᠢᠯ ᠳᠠᠷᠠᠭᠠᠯᠠᠨ ᠪᠤᠶᠢᠷ ᠨᠠᠭᠤᠷ ᠲᠤ ᠤᠰᠤᠨ ᠤ ᠠᠮᠢᠳᠤ ᠪᠤᠳᠠᠰ ᠤᠨ ᠡᠬᠢ ᠪᠠᠶᠠᠯᠢᠭ ᠢ ᠦᠷᠡᠵᠢᠭᠦᠯᠦᠨ ᠳᠠᠯᠪᠢᠬᠤ ᠠᠵᠢᠯᠯᠠᠭ᠎ᠠ ᠦᠷᠨᠢᠭᠦᠯᠦᠭᠰᠡᠨ ᠶᠠᠪᠤᠳᠠᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠤᠰᠤᠨ ᠤ ᠠᠮᠢᠳᠤ ᠪᠤᠳᠠᠰ ᠤᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ ᠠᠵᠢᠯᠯᠠᠭᠠᠨ ᠤ ᠬᠦᠲᠦᠯᠪᠦᠷᠢ ᠶᠢ ᠦᠢᠯᠡᠳᠦᠯᠭᠡᠵᠢᠭᠦᠯᠬᠦ‍ ᠨᠢᠭᠡ ᠵᠦᠢᠯ ᠤᠨ ᠪᠤᠲᠠᠲᠠᠢ ᠠᠷᠭ᠎ᠠ ᠬᠡᠮᠵᠢᠶ᠎ᠡ ᠪᠠᠶᠢᠵᠤ᠂ ᠪᠤᠶᠢᠷ ᠨᠠᠭᠤᠷ ᠤᠨ ᠵᠢᠭᠠᠰᠤᠨ ᠤ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ᠂ ᠤᠰᠤᠨ ᠤᠷᠤᠨ ᠤ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ᠂ ᠤᠰᠤᠨ ᠤ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠬᠤ᠂ ᠮᠠᠨ ᠤ ᠤᠯᠤᠰ ᠤᠨ ᠬᠠᠷᠢᠭᠤᠴᠠᠯᠭ᠎ᠠ ᠲᠠᠢ ᠵᠢᠭᠠᠰᠤᠨ ᠠᠵᠤ ᠠᠬᠤᠢ ᠶᠢᠨ ᠲᠤᠮᠤ ᠤᠯᠤᠰ ᠤᠨ ᠲᠦᠷᠢ ᠳᠦᠷᠬᠦ ᠶᠢ ᠪᠤᠢ ᠪᠤᠯᠭᠠᠬᠤ ᠳᠤ ᠴᠢᠬᠤᠯᠠ ᠪᠦᠬᠡᠳ ᠠᠯᠤᠰ ᠬᠡᠳᠦ ᠶᠢᠨ ᠠᠴᠢ ᠬᠤᠯᠪᠤᠭᠳᠠᠯ ᠲᠠᠢ ᠶᠤᠮ᠃ ᠮᠠᠨ ᠤ ᠪᠦᠬᠦ ᠬᠤᠰᠢᠭᠤ᠂ ᠴᠢᠨᠠᠭᠰᠢᠯᠠᠪᠠᠯ ᠪᠦᠬᠦ ᠬᠤᠲᠠ ᠶᠢᠨ ᠠᠷᠠᠳ ᠲᠦᠮᠡᠨ ᠰᠡᠳᠬᠢᠯ ᠨᠢᠭᠡᠳᠦᠨ᠂ ᠢᠳᠡᠪᠬᠢᠲᠡᠢ ᠬᠦᠳᠡᠯᠦᠯᠴᠡᠵᠦ᠂ ᠡᠨᠡᠬᠦ ᠴᠢᠬᠤᠯᠠ ᠶᠡᠭᠡ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠪᠦᠬᠦᠢ ᠦᠢᠯᠡᠰ ᠢ ᠶᠡᠬᠡᠪᠡᠷ ᠳᠡᠮᠵᠢᠬᠦ ᠶᠢᠨ ᠬᠠᠮᠳᠤ ᠢᠳᠡᠪᠬᠢᠲᠡᠢ ᠤᠷᠤᠯᠴᠠᠵᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠬᠦᠭᠵᠢᠯᠲᠡ ᠶᠢ ᠠᠬᠢᠭᠤᠯᠬᠤ᠂ ᠦᠵᠡᠰᠭᠦᠯᠡᠩᠳᠦ ᠰᠠᠶᠢᠬᠠᠨ ᠪᠠᠶᠠᠨ ᠴᠢᠨᠡᠭᠡᠯᠢᠭ ᠬᠦᠯᠦᠨ ᠪᠤᠶᠢᠷ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ ᠭᠡᠪᠡ᠃    ᠠᠵᠢᠯᠯᠠᠭ᠎ᠠ ᠳᠤᠮᠳᠠ᠂ ᠮᠠᠨᠵᠤᠤᠷ ᠬᠤᠲᠠ ᠶᠢᠨ ᠠᠯᠪᠠᠨ ᠭᠡᠷᠡᠴᠢᠯᠡᠭᠡᠨ ᠤ ᠭᠠᠵᠠᠷ ᠤᠨ ᠠᠯᠪᠠᠨ ᠬᠡᠷᠡᠴᠢᠯᠡᠭᠴᠢ ᠠᠯᠪᠠᠨ ᠭᠡᠷᠡᠴᠢᠯᠡᠭᠡ ᠬᠢᠬᠦ ᠦᠭᠡ ᠶᠠᠷᠢᠵᠠᠢ᠃ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠲᠠᠷᠤᠭ᠎ᠠ ᠨᠠᠷᠠᠰᠤ ᠥᠷᠡᠵᠢᠬᠦᠯᠥᠨ ᠲᠠᠯᠪᠢᠬᠤ ᠠᠵᠢᠯᠯᠠᠭ᠎ᠠ ᠡᠬᠢᠯᠡᠭᠰᠡᠨ ᠢ ᠨᠡᠶᠢᠳᠡᠯᠡᠪᠡ᠃     ᠠᠵᠢᠯᠯᠠᠭ᠎ᠠ ᠶᠢᠨ ᠠᠬᠤᠢ ᠲᠠᠯᠠᠪᠠᠢ ᠳᠤ ᠣᠷᠣᠯᠴᠠᠭᠰᠠᠳ ᠠᠴᠠ ᠴᠤᠭᠭᠠᠷ ᠵᠢᠭᠠᠰᠤ ᠵᠢᠷᠠᠭᠠᠬᠠᠢ ᠶᠢ ᠠᠯᠭᠤᠷ ᠠᠭᠠᠵᠢᠮ ᠢᠶᠠᠷ ᠪᠣᠶᠢᠷ ᠨᠠᠭᠤᠷ ᠲᠤ ᠤᠷᠤᠭᠤᠯᠪᠠ᠂ ᠣᠶᠢᠯᠠᠭᠠᠬᠰᠠᠨ ᠢᠶᠠᠷ᠂ ᠲᠣᠰ ᠤᠳᠠᠭ᠎ᠠ 837.5 ᠲᠥᠮᠡᠨ ᠵᠢᠭᠠᠰᠦ ᠵᠢᠷᠠᠭᠠᠬᠠᠢ ᠲᠠᠯᠪᠢᠵᠦ᠂ ᠨᠡᠶᠢᠲᠡ 837.5 ᠲᠦᠮᠡᠨ ᠲᠥᠭᠦᠷᠢᠭ ᠤᠨ ᠪᠡᠯᠡ ᠣᠷᠣᠭᠤᠯᠪᠠ᠃ ᠠᠵᠢᠯᠯᠠᠭ᠎ᠠ  ᠨᠢ ᠵᠢᠭᠠᠰᠤᠨ ᠠᠵᠤ ᠠᠬᠤᠢ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠵᠤ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ ᠵᠢᠭᠠᠰᠤᠨ ᠤ ᠠᠵᠤ ᠠᠬᠤᠢ ᠶᠢᠨ ᠤᠰᠤᠨ ᠣᠷᠣᠨ ᠤ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ     ᠮᠠᠨ ᠤ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ ᠬᠠᠥᠯᠢ ᠭᠥᠢᠴᠡᠳᠭᠡᠬᠦ ᠶᠡᠭᠡ ᠠᠩᠭᠢ ᠶᠢᠨ ᠲᠡᠳ᠋ ᠲᠠᠷᠤᠭ᠎ᠠ ᠯᠢ ᠭᠦᠢ ᠪᠢᠨ ᠰᠤᠷᠪᠤᠯᠵᠢᠯᠠᠭ᠎ᠠ ᠬᠦᠯᠢᠶᠡᠬᠦ ᠳᠡᠭᠡᠨ᠂ ᠪᠤᠶᠢᠷ ᠨᠠᠭᠤᠷ ᠪᠣᠯ ᠲᠣᠮᠳᠡᠳᠥ ᠮᠣᠩᠭᠤᠯ ᠬᠤᠶᠠᠷ ᠤᠯᠤᠰ ᠤᠨ ᠬᠢᠯᠢ ᠵᠠᠭᠠᠬᠯᠠᠬᠤ ᠨᠠᠭᠤᠷ᠂ ᠮᠥᠨ ᠴᠦ ᠲᠣᠮᠳᠡᠳᠥ ᠮᠣᠩᠭᠤᠯ ᠬᠤᠶᠠᠷ ᠣᠯᠣᠰ ᠤᠨ ᠠᠷᠠᠳ ᠲᠦᠮᠡᠨ ᠤ ᠬᠠᠮᠲᠤ ᠶᠢᠨ ᠡᠳ᠋ ᠪᠠᠶᠠᠯᠢᠭ ᠶᠤᠮ᠃ ᠡᠨᠡ ᠤᠳᠠᠭ᠎ᠠ ᠶᠢᠨ ᠥᠷᠡᠵᠢᠬᠦᠯᠥᠨ ᠲᠠᠯᠪᠢᠬᠤ ᠠᠵᠢᠯᠯᠠᠭ᠎ᠠ ᠳᠤ ᠴᠢᠯᠥᠭᠡᠲᠡᠢ ᠲᠠᠯᠪᠢᠬᠤ ᠠᠷᠭ᠎ᠠ ᠬᠡᠮᠵᠢᠶ᠎ᠡ ᠶᠢ ᠵᠣᠬᠢᠶᠠᠨ  ᠪᠠᠶᠢᠭᠤᠯᠣᠬᠰᠠᠨ ᠨᠢ ︽ᠲᠣᠮᠳᠡᠳᠥ ᠣᠯᠣᠰ ᠤᠨ ᠤᠰᠤᠨ ᠤ ᠠᠮᠢᠳᠥ ᠪᠣᠳᠡᠰ ᠤᠨ ᠡᠬᠢ ᠪᠠᠶᠠᠯᠢᠭ ᠢ ᠬᠠᠮᠠᠭᠠᠯᠠᠬᠤ ᠠᠵᠢᠯᠯᠠᠭᠠᠨ ᠤ ᠬᠥᠲᠥᠯᠪᠦᠷᠢ︾ ᠪᠣᠯᠤᠨ ︽ᠣᠰᠣᠨ ᠤ ᠠᠮᠢᠳᠥ ᠪᠣᠳᠡᠰ ᠤᠨ ᠥᠷᠡᠵᠢᠬᠦᠯᠥᠨ ᠲᠠᠯᠪᠢᠬᠤ ᠬᠠᠮᠢᠶᠠᠷᠣᠯᠳᠡ ᠶᠢᠨ ᠲᠥᠷᠢᠮ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠣᠯᠠᠮ ᠴᠢᠨᠠᠭᠰᠢᠳᠠ ᠣᠬᠠᠭᠤᠯᠵᠦ ᠲᠣᠭᠤᠰᠢᠯᠠᠭᠤᠯᠣᠨ ᠨᠠᠶᠢᠳᠠᠪᠣᠷᠢᠵᠢᠭᠤᠯᠵᠦ᠂ ᠮᠥᠨᠴᠦ ᠣᠰᠣᠨ ᠤ ᠬᠠᠷᠢᠶᠠᠨ ᠳᠠᠬᠢ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠰᠦᠨ ᠤ ᠠᠮᠢᠳᠦ ᠪᠣᠳᠡᠰ ᠤᠨ ᠣᠯᠡᠨ ᠶᠠᠩᠵᠣᠳᠥ ᠴᠢᠨᠠᠷ ᠢ ᠬᠠᠮᠠᠭᠠᠯᠠᠵᠦ᠂ ᠵᠢᠭᠠᠰᠣᠨ ᠤ ᠥᠢᠯᠡᠰ ᠤᠨ ᠥᠷᠬᠦᠯᠵᠢᠯᠡᠨ ᠭᠥᠭᠵᠢᠬᠦᠯᠬᠦ ᠶᠢ ᠠᠬᠢᠭᠤᠯᠬᠤ ᠴᠢᠬᠤᠯᠨ ᠠᠷᠭ᠎ᠠ ᠠᠪᠴᠡᠯ ᠶᠣᠮ᠂ ᠪᠢᠳᠡ ᠬᠠᠮᠲᠤᠪᠠᠷ ᠬᠥᠳᠡᠯᠦᠯᠴᠡᠵᠦ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠡᠶ᠎ᠡ ᠵᠣᠬᠢᠴᠠᠯᠲᠤ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠤᠶ᠎ᠠ ᠭᠡᠰᠡᠨ ᠪᠠᠶᠢᠨ᠎ᠠ᠃                 ᠡᠬᠡ ᠪᠢᠴᠢᠭ ᠬᠠᠩᠭᠠᠭᠰᠠᠨ ᠨᠢ᠄ ᠬᠠᠮ ᠵᠠᠭᠤᠴᠢᠯᠠᠭᠤᠷ ᠤᠨ ᠲᠦᠪ    ᠰᠣᠨᠣᠷ   ᠴᠢᠨ ᠷᠦᠩ   ᠣᠰᠬᠠᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号