ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠴᠠᠭᠠᠯᠲᠠ ᠶᠢᠨ ᠥᠷᠲᠡᠭᠡᠨ ᠤ ᠠᠵᠢᠯ ᠤᠨ ᠥᠷᠨᠢᠭᠦᠯᠦᠭᠰᠡᠨ ᠪᠠᠶᠢᠳᠠᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/6
       ᠣᠶᠢᠷ᠎ᠠ ᠶᠢᠨ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ 7 ᠬᠥᠮᠦᠨ ᠢ ᠳᠠᠭᠠᠭᠤᠯᠤᠨ ᠂  ᠤᠷᠱᠤᠨ ᠬᠥᠭᠦᠷᠭᠡ᠂ ᠤᠷᠱᠤᠨ ᠬᠠᠭᠤᠴᠢᠨ ᠬᠥᠭᠦᠷᠭᠡ᠂ ᠪᠤᠶᠢᠷ ᠰᠤᠮᠤ᠂ ᠬᠥᠯᠥᠨ ᠪᠠᠯᠭᠠᠰᠤ ᠶᠢᠨ ᠪᠠᠶᠢᠭᠤᠯᠤᠭᠰᠠᠨ 4 ᠲᠦᠷ ᠴᠠᠭ ᠤᠨ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠴᠠᠭᠠᠯᠲᠠ ᠶᠢᠨ ᠥᠷᠲᠡᠭᠡᠨ ᠤ ᠠᠵᠢᠯ ᠤᠨ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠪᠠ᠃
           ᠪᠠᠶᠢᠴᠠᠭᠠᠯᠲᠠ ᠶᠢᠨ ᠳᠤᠮᠳᠠ᠂ ᠳᠠᠯᠠᠶᠢᠪᠠᠲᠤ ᠡᠯ᠎ᠡ ᠪᠠᠶᠢᠴᠠᠭᠠᠬᠤ ᠦᠷᠳᠡᠭᠡ ᠶᠢᠨ ᠠᠮᠢᠲᠠᠨ ᠤ ᠬᠢᠵᠢᠭ ᠢ ᠰᠡᠷᠭᠡᠶᠢᠯᠡᠨ  ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠬᠤᠯᠪᠣᠭᠳᠠᠯ ᠪᠦᠬᠦᠢ ᠡᠭᠡ ᠲᠠᠩᠰᠠ ᠶᠢᠨ ᠲᠡᠮᠳᠡᠭᠯᠡᠯ ᠢ ᠪᠠᠶᠢᠴᠠᠭᠠᠨ ᠦᠵᠡᠪᠡ᠃
           ᠳᠠᠯᠠᠶᠢᠪᠠᠲᠤ ᠪᠠᠶᠢᠴᠠᠭᠠᠬᠤ ᠥᠷᠲᠡᠭᠡᠨ ᠤ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠭᠦᠢᠴᠡᠳ ᠨᠤᠲᠠᠯᠠᠨ ᠵᠥᠪᠰᠢᠶᠡᠷᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠭᠤᠷᠪᠠᠨ ᠳᠠᠯ᠎ᠠ ᠶᠢᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠪᠠᠶᠢᠴᠠᠭᠠᠬᠤ ᠥᠷᠲᠡᠭᠡᠨ ᠤ ᠬᠠᠤᠯᠢ ᠬᠡᠷᠡᠭᠵᠢᠭᠦᠯᠬᠦ ᠠᠵᠢᠯᠲᠠᠨ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢ ᠬᠡᠷᠡᠭᠵᠢᠭᠦᠯᠦᠨ ᠪᠠᠶᠢᠴᠠᠭᠠᠯᠳᠠ ᠬᠢᠬᠦ ᠶᠢᠨ ᠬᠠᠮᠲᠤ ᠤᠬᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔  ᠬᠤᠶᠠᠷ ᠲᠤ᠂ ᠭᠠᠳᠠᠨ᠎ᠠ ᠠᠴᠠ ᠢᠷᠡᠭᠰᠡᠨ ᠮᠠᠯ ᠤᠨ ᠳᠡᠩᠰᠡᠯᠡᠯᠲᠡ ᠶᠢ ᠴᠢᠩᠭ᠎ᠠ ᠰᠠᠶᠢᠲᠤᠷ ᠬᠢᠵᠦ᠂ ᠠᠮᠢᠲᠠᠨ ᠤ ᠬᠢᠵᠢᠭ ᠢ ᠰᠡᠷᠭᠡᠶᠢᠯᠡᠬᠦ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠬᠦ ᠥᠬᠡᠶ ᠭᠠᠳᠠᠨ᠎ᠠ ᠠᠴᠠ ᠢᠷᠡᠭᠰᠡᠨ ᠮᠠᠯ ᠢ ᠪᠦᠬᠦᠨ ᠢ ᠪᠤᠴᠠᠭᠠᠨ ᠶᠠᠪᠤᠭᠤᠯᠬᠤ ᠪᠠᠷ ᠢᠳᠬᠠᠨ᠎ᠠ︔ ᠭᠤᠷᠪᠠ ᠳᠤ᠂ ᠡᠯ᠎ᠡ ᠰᠤᠮᠤ ᠪᠠᠯᠭᠠᠰᠤ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠮᠠᠯ ᠤᠨ ᠭᠠᠷᠭᠠᠯᠲᠠ ᠶᠢᠨ ᠬᠤᠭᠤᠴᠠᠭᠠᠨ ᠳᠠᠬᠢ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃                            ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号