ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠦᠭᠡᠷᠳᠦ ᠶᠢᠨ ᠴᠢᠩ ᠱᠧᠩ ᠨᠡᠭᠦᠷᠡᠰᠦᠨ ᠠᠭᠤᠷᠬᠠᠶ ᠶᠢᠨ 2021 ᠣᠨ ᠤ ᠨᠡᠭᠡᠭᠡᠨ ᠮᠠᠯᠲᠠᠬᠤ ᠲᠥᠷᠥᠯ ᠵᠦᠢᠯ ᠳᠤ ᠭᠠᠵᠠᠷ ᠰᠢᠷᠣᠶ ᠲᠠᠲᠠᠪᠤᠷᠢᠯᠠᠬᠤ ᠳᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠷᠢᠳᠴᠢᠯᠠᠭᠰᠠᠨ ᠠᠯᠪᠠᠨ ᠵᠠᠷ
ᠨᠡᠶᠢᠲᠡᠯᠡᠭᠰᠡᠨ ᠴᠠᠭ᠄
2021/9/6
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ 47 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠦᠭᠡᠷᠳᠦ ᠶᠢᠨ ᠴᠢᠩ ᠱᠧᠩ ᠨᠡᠭᠦᠷᠡᠰᠦᠨ ᠠᠭᠤᠷᠬᠠᠶ ᠶᠢᠨ 2021 ᠣᠨ ᠤ ᠨᠡᠭᠡᠭᠡᠨ ᠮᠠᠯᠲᠠᠬᠤ ᠲᠥᠷᠥᠯ ᠵᠦᠢᠯ ᠢ ᠪᠥᠲᠥᠭᠡᠨ ᠪᠠᠶᠢᠭᠤᠯᠬᠤ ᠬᠡᠷᠡᠭᠴᠡᠭᠡ ᠠᠴᠠ ᠪᠣᠯᠵᠣ᠂ ᠲᠣᠰ ᠲᠥᠷᠥᠯ ᠵᠦᠢᠯ ᠤᠨ ᠭᠠᠵᠠᠷ ᠰᠢᠷᠣᠶ ᠲᠠᠲᠠᠪᠤᠷᠢᠯᠠᠬᠤ ᠬᠤᠯᠪᠣᠭᠳᠠᠯ ᠪᠥᠬᠦᠶ ᠵᠦᠢᠯᠡᠰ ᠢ ᠤᠷᠢᠳᠴᠢᠯᠠᠨ ᠵᠠᠷᠯᠠᠨ ᠨᠡᠶᠢᠲᠡᠯᠡᠶ᠎ᠡ᠄     ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ     ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠩ ᠱᠧᠩ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠶᠢᠭᠤᠯᠬᠤ ᠪᠠᠷ ᠪᠠᠶᠢᠭ᠎ᠠ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠦᠭᠡᠷᠳᠦ ᠶᠢᠨ ᠴᠢᠩ ᠱᠧᠩ ᠨᠡᠭᠦᠷᠡᠰᠦᠨ ᠠᠭᠤᠷᠬᠠᠶ ᠶᠢᠨ 2021 ᠣᠨ ᠤ ᠨᠡᠭᠡᠭᠡᠨ ᠮᠠᠯᠲᠠᠬᠤ ᠲᠥᠷᠥᠯ ᠵᠦᠢᠯ ᠨᠢ ᠨᠢᠭᠡᠨᠲᠡ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠤᠯᠪᠠ ︵ᠦᠨᠡᠮᠯᠡᠯ ᠤᠨ ᠨᠣᠮᠧᠷ ᠨᠢ C1500002011011120105677︶᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠶ ᠶᠢ ᠴᠡᠭᠴᠡᠯᠡᠨ ᠬᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ︽ᠬᠥᠯᠥᠨ ᠪᠤᠶᠢᠷ ᠬᠤᠲᠠ ᠶᠢᠨ ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠵᠦ ᠮᠡᠷᠭᠡᠵᠢᠯ ᠰᠠᠶᠢᠵᠢᠷᠠᠭᠤᠯᠤᠨ ᠴᠢᠳᠠᠮᠵᠢ ᠶᠢ ᠥᠷᠭᠡᠳᠬᠡᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠴᠣᠬᠤᠯᠠᠪᠤᠷᠢ︾ ︵ᠥᠪᠥᠷ ᠨᠡᠭᠦᠷᠡᠰᠦ ᠴᠡᠭᠴᠡᠯᠡᠬᠦ ᠠᠯᠪᠠᠨ ᠥᠰᠥᠭ ﹇2006﹈ 6 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠳᠤ ᠨᠢᠭᠡᠨᠲᠡ ᠵᠢᠠᠠᠰᠠᠭᠠᠨ ᠣᠷᠣᠭᠤᠯᠪᠠ᠃ ᠲᠤᠰ ᠲᠦᠷᠦᠯ ᠵᠦᠢᠯ ᠨᠢ ᠠᠭᠤᠷᠬᠠᠶ ᠮᠠᠯᠲᠠᠬᠤ ᠲᠦᠷᠦᠯ ᠤᠨ ᠵᠦᠢᠯᠡᠰ ᠲᠤ ᠲᠣᠭᠠᠴᠠᠭᠳᠠᠬᠤ ᠪᠣᠯᠬᠤᠷ ᠭᠠᠵᠠᠷ ᠰᠢᠷᠣᠶ ᠶᠢ ᠬᠠᠤᠯᠢ ᠶᠣᠰᠣᠭᠠᠷ ᠲᠠᠲᠠᠪᠤᠷᠢᠯᠠᠵᠤ ᠪᠣᠯᠤᠨ᠎ᠠ᠃        ᠬᠤᠶᠠᠷ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠪᠠᠶᠢᠷᠢᠯᠠᠯ᠂ ᠡᠷᠬᠡ ᠶᠢᠨ ᠬᠠᠷᠢᠶᠠᠯᠠᠯ᠂ ᠭᠠᠵᠠᠷ ᠰᠢᠷᠣᠶ ᠶᠢᠨ ᠲᠦᠷᠦᠯ ᠪᠠ ᠲᠠᠯᠠᠪᠠᠢ      ᠲᠣᠰ ᠲᠥᠷᠥᠯ ᠵᠦᠢᠯ ᠳᠤ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ  ᠬᠠᠨᠭᠡᠭᠤᠯᠠ ᠭᠠᠴᠠᠭ᠎ᠠ ᠶᠢᠨ ᠬᠡᠰᠡᠭ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠲᠠᠲᠠᠪᠤᠷᠢᠯᠠᠬᠤ ᠪᠠᠷ ᠲᠥᠯᠥᠪᠯᠡᠵᠦ ᠪᠣᠶ᠂ ᠭᠠᠵᠠᠷ ᠰᠢᠷᠣᠶ ᠶᠢᠨ ᠣᠳᠣᠬᠢ ᠪᠠᠶᠢᠳᠠᠯ ᠨᠢ ᠪᠠᠶᠢᠭᠠᠯᠢ ᠶᠢᠨ ᠪᠡᠯᠴᠢᠭᠡᠷ ᠪᠠᠶᠢᠵᠤ᠂ ᠪᠣᠳᠠᠲᠠᠶ ᠭᠠᠵᠠᠷ ᠰᠢᠷᠣᠶ ᠶᠢᠨ ᠬᠡᠷᠡᠭᠯᠡᠬᠦ ᠪᠠᠶᠢᠷᠢ ᠶᠢ ᠵᠥᠪᠰᠢᠶᠡᠷᠡᠭᠰᠡᠨ ᠵᠠᠭᠠᠭ ᠱᠤᠭᠤᠮ ᠤᠨ ᠵᠢᠷᠤᠭ ᠢᠶᠠᠷ ᠪᠠᠷᠢᠮᠵᠢᠶ᠎ᠠ ᠪᠣᠯᠭᠠᠨ᠎ᠠ᠃      ᠭᠤᠷᠪᠠ᠂ ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠬᠢᠨ᠎ᠡ      ᠲᠣᠰ ᠤᠷᠢᠳᠴᠢᠯᠠᠭᠰᠠᠨ ᠵᠠᠷ ᠢ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ ᠶᠢᠨ ᠣᠳᠣᠬᠢ ᠪᠠᠶᠢᠳᠠᠯ ᠢ ᠪᠠᠶᠢᠴᠠᠭᠠᠨ ᠨᠤᠲᠠᠯᠠᠬᠤ ᠠᠵᠢᠯ ᠢ ᠥᠷᠨᠢᠭᠦᠯᠵᠦ᠂ ᠭᠤᠤᠯᠳᠠᠭᠤ ᠭᠠᠵᠠᠷ ᠰᠢᠷᠣᠶ ᠶᠢᠨ ᠣᠷᠣᠨ ᠪᠠᠶᠢᠷᠢ᠂ ᠡᠷᠬᠡ ᠶᠢᠨ ᠬᠠᠷᠢᠶᠠᠯᠠᠯ᠂ ᠭᠠᠵᠠᠷ ᠰᠢᠷᠣᠶ ᠶᠢᠨ ᠲᠥᠷᠥᠯ ᠵᠦᠢᠯ᠂ ᠲᠠᠯᠠᠪᠠᠶ ᠵᠢᠴᠢ ᠭᠠᠴᠠᠭᠠᠨ ᠤ ᠮᠠᠯᠴᠢᠨ ᠲᠠᠷᠢᠶᠠᠴᠢᠨ ᠤ ᠣᠷᠣᠨ ᠰᠠᠭᠤᠴᠠ᠂ ᠪᠤᠰᠤᠳ ᠭᠠᠵᠠᠷ ᠳᠡᠭᠡᠷᠡᠬᠢ ᠳᠠᠭᠠᠯᠲᠠ ᠪᠣᠳᠠᠰ ᠪᠠ ᠲᠠᠷᠢᠶᠠᠨ ᠴᠢᠬᠢ ᠵᠡᠷᠭᠡ ᠶᠢᠨ ᠡᠷᠬᠡ ᠶᠢᠨ ᠬᠠᠷᠢᠶᠠᠯᠠᠯ᠂ ᠲᠥᠷᠥᠯ ᠵᠦᠢᠯ᠂ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠪᠠᠶᠢᠴᠠᠭᠠᠨ ᠳᠣᠲᠣᠯᠠᠨ᠎ᠠ᠃ ᠬᠤᠯᠪᠣᠭᠳᠠᠬᠤ  ᠬᠠᠮᠢᠶ᠎ᠠ ᠪᠦᠬᠦᠢ ᠨᠢᠭᠡᠴᠡ ᠪᠠ ᠬᠤᠪᠢ ᠬᠥᠮᠦᠨ ᠲᠡᠮᠵᠢᠨ ᠬᠠᠮᠵᠢᠯᠴᠠᠬᠤ ᠬᠡᠷᠡᠭᠲᠡᠶ᠃      ᠲᠦᠷᠪᠡ᠂ ᠭᠠᠵᠠᠷ ᠰᠢᠷᠣᠶ ᠶᠢ ᠲᠠᠲᠠᠪᠤᠷᠢᠯᠠᠭᠰᠠᠨ ᠲᠥᠯᠥᠪᠦᠷᠢ ᠶᠢᠨ ᠪᠠᠷᠢᠮᠵᠢᠶ᠎ᠠ      ᠭᠠᠵᠠᠷ ᠰᠢᠷᠣᠶ ᠶᠢ ᠳᠠᠳᠠᠪᠦᠷᠢᠯᠠᠬᠤ ᠲᠥᠯᠥᠪᠦᠷᠢ᠂ ᠲᠥᠪᠬᠢᠨᠡᠭᠦᠯᠬᠦ ᠨᠥᠬᠦᠪᠥᠷᠢ ᠰᠦᠢᠳᠭᠡᠯ ᠤᠨ ᠪᠠᠷᠢᠮᠵᠢᠶ᠎ᠠ ᠶᠢ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠲᠠᠲᠠᠪᠤᠷᠢᠯᠠᠬᠤ ᠬᠡᠰᠡᠭ ᠤᠨ ᠶᠡᠷᠦᠩᠭᠡᠢ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ ︶ ᠤᠨ ᠪᠢᠴᠢᠭ ᠮᠠᠲ᠋ᠧᠷᠢᠶᠠᠯ ᠶᠣᠰᠣᠭᠠᠷ ᠬᠡᠷᠡᠭᠵᠢᠭᠦᠯᠦᠨ᠎ᠡ᠃      ᠲᠠᠪᠤ᠂ ᠪᠤᠰᠤᠳ ᠵᠦᠢᠯ ᠤᠳ      ᠲᠣᠰ ᠤᠷᠢᠳᠴᠢᠯᠠᠭᠰᠠᠨ ᠵᠠᠷᠯᠠᠯ ᠢ ᠪᠠᠭᠤᠯᠭᠠᠭᠰᠠᠨ ᠡᠳᠦᠷ ᠠᠴᠠ ᠡᠬᠢᠯᠡᠨ᠂ ᠶᠠᠮᠠᠷᠪᠠ ᠨᠢᠭᠡᠴᠡ ᠪᠠ ᠬᠤᠪᠢ ᠬᠥᠮᠦᠨ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠬᠡᠪᠴᠢᠶᠡᠨ ᠳᠣᠲᠣᠷ᠎ᠠ ᠵᠠᠪᠳᠤᠨ ᠠᠴᠢᠶᠠᠯᠠᠵᠤ ᠵᠠᠪᠳᠤᠨ ᠪᠠᠶᠢᠭᠤᠯᠵᠤ ᠪᠣᠯᠬᠤ ᠥᠬᠡᠶ︔ ᠲᠣᠭᠲᠠᠭᠠᠯ ᠠᠴᠠ ᠵᠥᠷᠢᠴᠡᠨ ᠵᠠᠪᠳᠤᠨ ᠠᠴᠢᠶᠠᠯᠠᠵᠤ ᠵᠠᠪᠳᠤᠨ ᠪᠠᠶᠢᠭᠤᠯᠤᠭᠰᠠᠨ ᠪᠠᠶᠢᠪᠠᠯ᠂ ᠵᠠᠪᠳᠤᠨ ᠠᠴᠢᠶᠠᠯᠠᠵᠤ ᠵᠠᠪᠳᠤᠨ ᠪᠠᠶᠢᠭᠤᠯᠤᠭᠰᠠᠨ ᠬᠡᠰᠡᠭ ᠲᠤ ᠴᠥᠮ ᠲᠥᠯᠥᠪᠦᠷᠢ ᠥᠭᠬᠦ ᠦᠭᠡᠢ᠃      ᠭᠠᠵᠠᠷ ᠰᠢᠷᠣᠶ ᠪᠠᠨ ᠳᠠᠳᠠᠪᠦᠷᠢᠯᠠᠭᠳᠠᠬᠤ ᠳᠤ ᠬᠤᠯᠪᠤᠭᠳᠠᠭᠰᠠᠨ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠭᠡᠷᠪᠡ ᠲᠣᠰ ᠤᠳᠠᠭᠠᠨ ᠤ ᠭᠠᠵᠠᠷ ᠰᠢᠷᠣᠶ ᠲᠠᠲᠠᠪᠤᠷᠢᠯᠠᠬᠤ ᠠᠵᠢᠯ ᠳᠤ ᠣᠨᠳᠣᠤ ᠰᠠᠨᠠᠯ ᠲᠠᠢ ᠪᠠᠶᠢᠪᠠᠯ᠂ ᠤᠷᠢᠳᠴᠢᠯᠠᠨ ᠵᠠᠷᠯᠠᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠢᠴᠢᠭ ᠤᠨ ᠬᠡᠯᠪᠡᠷᠢ ᠪᠠᠷ ᠰᠠᠨᠠᠯ ᠢᠶᠠᠨ ᠳᠤᠷᠠᠳᠴᠤ ᠪᠣᠯᠤᠨ᠎ᠠ᠃                                              2021 ᠣᠨ ᠤ 8 ᠰᠠᠷ᠎ᠠ ᠶᠢᠨ 24 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号