ᠲᠦᠷᠦᠭᠦᠬᠡᠨ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠶᠠᠮᠤᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠬᠠᠮᠲᠤᠷᠠᠨ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠵᠠᠰᠠᠭ ᠤᠨ ᠣᠷᠳᠣᠨ ᠤ ᠠᠵᠢᠯ ᠳᠣᠭᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ ᠠᠴᠠ | ᠬᠠᠯᠠᠭᠳᠠᠭᠰᠠᠳ ᠤᠨ ᠴᠡᠷᠢᠭ ᠤᠨ ᠠᠯᠪᠠ ᠬᠠᠭᠠᠬᠤ ᠢᠯᠡᠷᠡᠯ ᠢ ᠬᠡᠮᠵᠢᠶᠡᠵᠢᠭᠦᠯᠦᠨ ᠬᠤᠪᠢ ᠣᠯᠭᠤᠬᠤ ᠲᠦᠷ | ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠨᠡᠷᠡᠶᠢᠳᠦᠨ᠎ᠡ︶ ᠶᠢ ᠳᠠᠷᠤᠮᠠᠯᠯᠠᠨ ᠲᠠᠷᠬᠠᠭᠠᠭᠰᠠᠨ | ᠪᠥᠭᠡᠳ 2018 ᠣᠨ ᠤ 12 ᠰᠠᠷ᠎ᠠ ᠶᠢᠨ 14 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠲᠣᠭᠲᠠᠪᠠ᠂ | ᠡᠨᠡ ᠨᠢ 2018 ᠣᠨ ᠤ ᠨᠠᠮᠤᠷ ᠵᠢᠴᠢ ᠲᠡᠭᠦᠨ ᠠᠴᠠ ᠬᠤᠶᠢᠰᠢᠬᠢ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢᠳ ᠲᠤ ᠳᠣᠭᠢᠷᠠᠨ᠎ᠠ᠃ ︽ᠠᠷᠭ᠎ᠠ︾ ᠨᠢ ᠤᠤᠯ ᠤᠨ ᠰᠠᠭᠤᠷᠢᠨ ᠳᠡᠭᠡᠷ᠎ᠡ ᠬᠡᠷᠡᠭᠯᠡᠬᠦ ᠬᠡᠪᠴᠢᠶ᠎ᠡ᠂ ᠬᠤᠪᠢ | ᠲᠣᠭᠲᠠᠭᠠᠬᠤ ᠲᠥᠷᠥᠯ ᠵᠦᠢᠯ ᠪᠠ ᠪᠠᠷᠢᠮᠵᠢᠶ᠎ᠠ᠂ ᠲᠠᠩᠰᠠ ᠡᠪᠬᠡᠮᠡᠯ ᠤᠨ ᠮᠠᠲ᠋ᠧᠷᠢᠶᠠᠯ ᠢ ᠳᠡᠩᠰᠡᠯᠡᠨ ᠬᠠᠮᠢᠶᠠᠷᠬᠤ᠂ | ᠲᠠᠩᠰᠠ ᠡᠪᠬᠡᠮᠡᠯ ᠢ ᠬᠢᠨᠠᠵᠦ ᠬᠤᠪᠢ ᠲᠣᠭᠲᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠭᠤᠯᠭ᠎ᠠ ᠶᠢ ᠤᠯᠠᠮ | ᠴᠢᠨᠠᠭᠰᠢᠳᠠ ᠲᠡᠭᠦᠯᠳᠡᠷᠵᠢᠭᠦᠯᠵᠡᠶ᠃ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠣᠯᠭᠤᠮᠵᠢ ᠶᠢ ᠠᠯᠪᠠ | ᠬᠠᠭᠠᠬᠤ ᠢᠯᠡᠷᠡᠯ ᠲᠠᠢ ᠬᠠᠷᠢᠯᠴᠠᠨ ᠵᠣᠬᠢᠴᠠᠭᠤᠯᠬᠤ ᠶᠢ ᠨᠠᠩ ᠴᠢᠬᠤᠯᠠᠴᠢᠯᠠᠵᠤ᠂ ᠴᠡᠷᠢᠭ ᠪᠠᠶᠢᠯᠳᠤᠭᠴᠢᠳ ᠤᠨ | ᠲᠡᠶᠢᠨ ᠳᠤ ᠪᠡᠯᠡᠳᠬᠡᠬᠦ ᠪᠠ ᠬᠤᠪᠢ ᠨᠡᠮᠡᠷᠢ ᠦᠵᠡᠭᠦᠯᠬᠦ ᠳᠤ ᠨᠠᠩ ᠢᠯᠡᠭᠦᠤ ᠠᠩᠬᠠᠷᠤᠯ ᠢᠶᠠᠨ ᠲᠦᠪᠯᠡᠷᠡᠬᠦᠯᠦᠨ᠂ | ᠲᠥᠪ ᠭᠤᠤᠯᠴᠢ ᠡᠷᠬᠡ ᠲᠡᠭᠰᠢ ︽ᠢᠯᠡ ᠪᠠᠷ ᠲᠥᠪᠬᠢᠨᠡᠭᠦᠯᠬᠦ︾ ᠶᠢ ᠭᠦᠨᠵᠡᠭᠡᠶ ᠳᠥᠯᠭᠢᠨ ᠠᠬᠢᠭᠤᠯᠬᠤ᠂ ᠵᠢᠩᠬᠢᠨᠢ | ᠠᠯᠪᠠᠨ ᠤ ᠴᠡᠷᠢᠭ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭ᠎ᠠ ᠠᠮᠤᠷ ᠠᠯᠪᠠ ᠬᠠᠭᠠᠬᠤ ᠪᠠ ᠴᠡᠷᠢᠭ ᠤᠨ | ᠬᠤᠸᠠᠷᠠᠨ ᠳᠤ ᠭᠠᠪᠢᠶ᠎ᠠ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤ ᠢᠳᠡᠪᠬᠢᠲᠡᠶ ᠦᠢᠯᠡᠳᠦᠯ ᠲᠠᠢ ᠶᠤᠮ᠃ | | ︽ᠠᠷᠭ᠎ᠠ︾ ᠳᠤ ᠵᠢᠭᠠᠵᠤ ᠭᠠᠷᠭᠠᠭᠰᠠᠨ ᠨᠢ᠂ ᠴᠡᠷᠢᠭ ᠠᠴᠠ ᠬᠠᠯᠠᠭᠳᠠᠭᠰᠠᠳ ᠤᠨ ᠠᠯᠪᠠ ᠬᠠᠭᠠᠭᠰᠠᠨ | ᠢᠯᠡᠷᠡᠯ ᠢ ᠬᠡᠮᠵᠢᠶᠡᠵᠢᠭᠦᠯᠦᠨ ᠬᠤᠪᠢ ᠣᠯᠭᠤᠬᠤ ᠶᠡᠷᠦᠩᠬᠡᠶ ᠨᠡᠶᠢᠯᠡᠪᠦᠷᠢ ᠪᠠᠷ ᠵᠠᠰᠠᠭ ᠤᠨ ᠣᠷᠳᠣᠨ ᠤ ᠠᠵᠢᠯ | ᠲᠣᠬᠢᠷᠠᠭᠤᠯᠬᠤ ᠭᠤᠣᠯ ᠦᠨᠳᠦᠰᠦᠯᠡᠯ ᠪᠣᠯᠭᠠᠨ᠎ᠠ᠃ ᠬᠡᠮᠵᠢᠶᠡᠯᠡᠨ ᠬᠤᠪᠢ ᠲᠣᠭᠲᠠᠭᠠᠬᠤ ᠭᠡᠳᠡᠭ ᠨᠢ᠂ ᠴᠡᠷᠢᠭ ᠠᠴᠠ | ᠬᠠᠯᠠᠭᠳᠠᠭᠰᠠᠳ ᠤᠨ ᠠᠯᠪᠠ ᠬᠠᠭᠠᠬᠤ ᠬᠤᠭᠤᠴᠠᠭᠠᠨ ᠳᠠᠬᠢ ᠪᠠᠶᠢᠯᠳᠤᠭᠠᠨ ᠳᠤ ᠣᠷᠣᠯᠴᠠᠭᠰᠠᠨ ᠢᠯᠡᠷᠡᠯ᠂ ᠴᠡᠷᠢᠭ ᠤᠨ | ᠰᠤᠷᠢᠯᠳᠠ ᠪᠠᠶᠢᠯᠳᠤᠭᠠᠨ ᠳᠤ ᠪᠡᠯᠡᠳᠬᠡᠭᠰᠡᠨ ᠬᠢᠷᠢ ᠲᠦᠪᠰᠢᠨ᠂ ᠠᠯᠪᠠ ᠬᠠᠭᠠᠭᠰᠠᠨ ᠵᠢᠯ ᠬᠤᠭᠤᠴᠠᠭ᠎ᠠ᠂ ᠠᠯᠪᠠ | ᠬᠠᠭᠠᠭᠰᠠᠨ ᠭᠠᠵᠠᠷ ᠣᠷᠣᠨ ᠤ ᠬᠦᠴᠢᠷ ᠪᠡᠷᠬᠡᠰᠢᠶᠡᠯ ᠤᠨ ᠬᠡᠮᠵᠢᠶ᠎ᠡ ᠵᠢᠴᠢ ᠬᠠᠮᠢᠶ᠎ᠠ ᠪᠥᠬᠦᠶ ᠪᠡᠶ᠎ᠡ ᠬᠡᠮ ᠵᠡᠷᠭᠡ ᠶᠢ | ᠦᠨᠳᠦᠰᠦᠯᠡᠨ᠂ ᠨᠢᠭᠡᠳᠦᠯᠲᠡᠶ ᠪᠠᠷᠢᠮᠵᠢᠶ᠎ᠠ ᠶᠣᠰᠣᠭᠠᠷ ᠬᠤᠪᠢ ᠣᠯᠭᠤᠬᠤ ᠶᠢ ᠵᠢᠭᠠᠵᠤ ᠪᠣᠶ᠃ ︽ᠠᠷᠭ᠎ᠠ︾ ᠳᠤ | ᠤᠤᠯ ᠤᠨ ︽ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠦᠷᠢᠮ︾ ᠤᠨ ᠬᠤᠷᠢ ᠶᠢᠰᠦᠳᠦᠭᠡᠷ ᠵᠦᠢᠯ ᠳᠤ | ᠲᠣᠭᠲᠠᠭᠠᠭᠰᠠᠨ ᠴᠡᠷᠢᠭ ᠠᠴᠠ ᠬᠠᠯᠠᠭᠳᠠᠭᠰᠠᠳ ᠲᠤ ᠠᠵᠢᠯ ᠳᠣᠭᠢᠷᠠᠭᠤᠯᠬᠤ ᠶᠢ ᠳᠠᠬᠢᠨ ᠲᠣᠳᠣᠷᠬᠠᠶᠢᠯᠠᠭᠰᠠᠨ | ᠰᠠᠭᠤᠷᠢᠨ ᠳᠡᠭᠡᠷ᠎ᠡ᠂ ᠲᠤᠰᠬᠠᠶᠢᠯᠠᠨ ︽ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠦᠷᠢᠮ︾ ᠢ | ᠬᠡᠷᠡᠭᠵᠢᠭᠦᠯᠬᠦ ᠠᠴᠠ ᠡᠮᠦᠨ᠎ᠡ ᠴᠡᠷᠢᠭ ᠲᠤ ᠣᠷᠣᠵᠤ᠂ ᠬᠡᠷᠡᠭᠵᠢᠭᠦᠯᠦᠭᠰᠡᠨ ᠤ ᠳᠠᠷᠠᠭ᠎ᠠ ᠴᠡᠷᠢᠭ ᠠᠴᠠ ᠬᠠᠯᠠᠭᠳᠠᠭᠰᠠᠨ | ᠪᠠᠭ᠎ᠠ ᠤᠹᠢᠼᠧᠷ ᠲᠤ ᠵᠠᠰᠠᠭ ᠤᠨ ᠣᠷᠳᠣᠨ ᠠᠴᠠ ᠠᠵᠢᠯ ᠳᠣᠭᠢᠷᠠᠭᠤᠯᠤᠭᠰᠠᠨ 4 ᠲᠥᠷᠥᠯ ᠤᠨ ᠴᠡᠷᠢᠭ ᠠᠴᠠ | ᠬᠠᠯᠠᠭᠳᠠᠭᠰᠠᠳ ᠲᠤ ᠨᠠᠷᠢᠨ ᠲᠣᠳᠣᠷᠬᠠᠶ ᠵᠠᠭᠠᠭ ᠲᠣᠭᠲᠠᠭᠠᠪᠠ᠃ ᠴᠡᠷᠢᠭ ᠤᠨ ᠠᠯᠪᠠ ᠬᠠᠭᠠᠬᠤ ᠬᠤᠭᠤᠴᠠᠭᠠᠨ ᠳᠤ | ᠬᠤᠪᠢ ᠬᠥᠮᠦᠨ ᠤ ︽8 · 1︾ ᠭᠠᠪᠢᠶᠠᠨ ᠲᠡᠮᠳᠡᠭ᠂ ᠢᠷᠠᠭᠤ ᠠᠯᠳᠠᠷ ᠤᠨ ᠴᠣᠯᠠ ᠶᠢᠨ ᠱᠠᠩᠨᠠᠯ ᠤᠯᠵᠦ | ᠦᠩᠭᠡᠷᠡᠭᠰᠡᠨ ᠴᠡᠷᠢᠭ ᠠᠴᠠ ᠬᠠᠯᠠᠭᠳᠠᠭᠰᠠᠳ ᠲᠤ ᠲᠥᠪᠬᠢᠨᠡᠭᠦᠯᠬᠦ ᠭᠠᠵᠠᠷ ᠤᠨ ᠵᠠᠰᠠᠭ ᠤᠨ ᠣᠷᠳᠣᠨ ᠠᠴᠠ | ᠤᠷᠢᠳᠠᠪᠠᠷ ᠠᠵᠢᠯ ᠲᠣᠬᠢᠷᠠᠭᠤᠯᠵᠤ᠂ ᠲᠡᠳᠡᠨ ᠤ ᠲᠤᠪᠤᠶᠢᠮ᠎ᠠ ᠬᠤᠪᠢ ᠨᠡᠮᠡᠷᠢ ᠶᠢ ᠮᠠᠭᠲᠠᠨ ᠰᠠᠶᠢᠰᠢᠶᠠᠬᠤ ᠪᠠ | ᠬᠠᠷᠠᠭᠠᠯᠵᠠᠵᠦ ᠪᠠᠶᠢᠭ᠎ᠠ ᠪᠠᠨ ᠢᠯᠡᠳᠭᠡᠨ᠎ᠡ᠃ | ︽ᠠᠷᠭ᠎ᠠ︾ ᠳᠤ ᠲᠣᠳᠣᠷᠬᠠᠶ ᠲᠣᠭᠲᠠᠭᠠᠭᠰᠠᠨ ᠨᠢ᠂ ᠬᠡᠮᠵᠢᠶᠡᠯᠡᠨ ᠬᠤᠪᠢ ᠲᠣᠭᠲᠠᠭᠠᠬᠤ ᠳᠤ ᠠᠯᠪᠠ | ᠬᠠᠭᠠᠭᠰᠠᠨ ᠵᠢᠯ ᠬᠤᠭᠤᠴᠠᠭ᠎ᠠ᠂ ᠱᠠᠩᠨᠠᠯ ᠬᠥᠬᠢᠭᠦᠯᠦᠯ᠂ ᠵᠡᠮᠳᠡᠭ ᠤᠨ ᠲᠠᠰ᠂ ᠪᠤᠰᠤᠳ ᠪᠠᠶᠢᠳᠠᠯ ᠳᠤ ᠬᠤᠪᠢ | ᠪᠤᠳᠤᠬᠤ ᠵᠢᠴᠢ ᠰᠢᠢᠳᠭᠡᠯ᠂ ᠲᠠᠩᠰᠠ ᠡᠪᠬᠡᠮᠡᠯ ᠤᠨ ᠮᠠᠲ᠋ᠧᠷᠢᠶᠠᠯ ᠢ ᠬᠤᠳᠠᠯ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ | ᠬᠤᠪᠢ ᠬᠠᠰᠤᠬᠤ ᠵᠡᠷᠭᠡ ᠠᠭᠤᠯᠭ᠎ᠠ ᠪᠠᠭᠲᠠᠨ᠎ᠠ᠃ ᠪᠥᠬᠦ ᠴᠡᠷᠢᠭ ᠤᠨ ᠴᠢᠨᠠᠷᠲᠠᠶ ᠬᠥᠬᠢᠭᠦᠯᠦᠨ ᠰᠠᠶᠢᠰᠢᠶᠠᠬᠤ ᠨᠡᠮᠡᠯᠲᠡ | ᠬᠠᠷᠠᠭᠠᠯᠵᠠᠯ ᠤᠨ ᠨᠢᠭᠡᠳᠦᠯᠳᠡᠢ ᠴᠢᠨᠠᠷ ᠤᠨ ᠵᠠᠷᠴᠢᠮ ᠶᠣᠰᠣᠭᠠᠷ᠂ ᠤᠤᠯ ᠤᠨ ᠵᠥᠪᠬᠡᠨ ᠪᠠᠭ᠎ᠠ ᠣᠹᠢᠼᠧᠷ ᠤᠨ | ᠰᠢᠯᠢᠳᠡᠭ ᠴᠢᠳᠠᠪᠤᠷᠢᠲᠠᠨ ᠤ ᠱᠠᠩᠨᠠᠯ ᠢ ᠬᠤᠪᠢ ᠪᠠᠷ ᠪᠤᠳᠤᠬᠤ ᠪᠠᠶᠢᠭᠰᠠᠨ ᠠᠴᠠ ᠪᠤᠢ ᠪᠦᠬᠦᠢ ᠪᠥᠬᠦ ᠴᠡᠷᠢᠭ ᠤᠨ | ᠴᠢᠨᠠᠷᠲᠠᠶ ᠬᠦᠬᠢᠬᠦᠯᠦᠯ ᠰᠠᠶᠢᠰᠢᠶᠠᠯ ᠢ ᠴᠦᠮ ᠬᠤᠪᠢ ᠪᠠᠷ ᠪᠤᠳᠤᠬᠤ ᠪᠣᠯᠭᠠᠨ ᠳᠣᠭᠢᠷᠠᠭᠤᠯᠬᠤ ᠶᠢᠨ ᠬᠠᠮᠲᠤ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠡᠷᠡᠭᠵᠢᠭᠦᠯᠦᠭᠰᠡᠨ ᠬᠥᠬᠢᠭᠦᠯᠦᠯ ᠰᠠᠶᠢᠰᠢᠶᠠᠯ ᠪᠠ ᠴᠡᠷᠢᠭ ᠤᠨ | ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ᠪᠥᠬᠦ ᠴᠡᠷᠢᠭ ᠤᠨ ᠴᠢᠨᠠᠷᠲᠠᠶ | ᠬᠥᠬᠢᠭᠦᠯᠦᠯ ᠰᠠᠶᠢᠰᠢᠶᠠᠯ ᠭᠡᠬᠦ ᠬᠤᠶᠠᠷ ᠲᠥᠷᠥᠯ ᠪᠣᠯᠭᠠᠨ ᠨᠠᠷᠢᠯᠢᠬᠵᠢᠭᠤᠯᠪᠠ᠃ ᠰᠢᠨ᠎ᠡ ᠪᠠᠶᠢᠳᠠᠯ ᠰᠢᠨ᠎ᠡ ᠡᠭᠦᠷᠭᠡ ᠳᠤ | ᠵᠣᠬᠢᠴᠠᠭᠤᠯᠤᠨ᠂ ᠡᠩ ᠤᠨ ᠦᠶ᠎ᠡ ᠶᠢᠨ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠶᠢᠨ ᠬᠤᠪᠢ ᠶᠢᠨ | ᠬᠡᠮᠵᠢᠭᠳᠡᠯ ᠢ ᠳᠡᠭᠡᠭᠰᠢᠯᠡᠬᠦᠯᠪᠡ︔ ᠲᠠᠶᠢᠨ ᠤ ᠦᠶ᠎ᠡ ᠶᠢᠨ ᠰᠠᠶᠢᠰᠢᠶᠠᠯ ᠬᠦᠬᠢᠬᠦᠯᠦᠯ ᠢ ᠬᠤᠪᠢ ᠪᠠᠷ ᠪᠤᠳᠤᠵᠦ | ᠤᠷᠤᠭᠤᠯᠬᠤ ᠶᠢ ᠰᠢᠨ᠎ᠡ ᠪᠠᠷ ᠨᠡᠮᠡᠪᠡ︔ ᠨᠢᠭᠡᠳᠦᠯᠲᠡᠶ ᠪᠠᠶᠢᠯᠳᠤᠭᠠᠨ ᠤ ᠬᠤᠪᠢ ᠪᠤᠳᠤᠬᠤ ᠪᠠᠷᠢᠮᠵᠢᠶ᠎ᠠ ᠶᠢ | ᠬᠠᠮᠲᠤ ᠳᠤᠨᠢ ᠳᠡᠭᠡᠭᠰᠢᠯᠡᠬᠦᠯᠪᠡ︔ ᠭᠠᠳᠠᠭᠠᠳᠤ ᠳᠤ ᠰᠠᠭᠤᠭ᠎ᠠ ᠰᠠᠭᠤᠷᠢᠨ ᠭᠠᠵᠠᠷ ᠲᠤ ᠠᠯᠪᠠ ᠬᠠᠭᠠᠬᠤ ᠬᠤᠪᠢ ᠶᠢ | ᠨᠡᠮᠡᠭᠳᠡᠬᠦᠯᠪᠡ︔ ᠬᠦᠴᠢᠷ ᠪᠡᠷᠬᠡᠰᠢᠶᠡᠯ ᠲᠠᠢ ᠵᠠᠬ᠎ᠠ ᠬᠢᠵᠠᠭᠠᠷ ᠣᠷᠣᠨ ᠳᠤ ᠠᠯᠪᠠ ᠬᠠᠭᠠᠬᠤ ᠶᠢ ᠬᠤᠪᠢ ᠪᠠᠷ ᠪᠤᠳᠤᠬᠤ | ᠠᠵᠢᠯ ᠢ ᠲᠣᠬᠢᠷᠠᠭᠤᠯᠵᠤ᠂ ᠲᠥᠪᠡᠳ ᠣᠷᠣᠨ᠂ ᠲᠠᠯᠠᠢ ᠶᠢᠨ ᠠᠷᠠᠯ ᠳᠤ ᠠᠯᠪᠠ ᠬᠠᠭᠠᠬᠤ ᠶᠢ ᠬᠤᠪᠢ ᠪᠠᠷ ᠪᠤᠳᠤᠬᠤ | ᠪᠠ ᠪᠠᠷᠢᠮᠵᠢᠶ᠎ᠠ ᠶᠢ ᠲᠣᠳᠣᠷᠬᠠᠶ ᠪᠣᠯᠭᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠴᠡᠷᠢᠭ ᠢ ᠵᠠᠰᠠᠬᠤ | ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠪᠠ ᠲᠣᠭᠲᠠᠭᠠᠯ ᠠᠴᠠ ᠵᠥᠷᠢᠴᠡᠨ | ᠬᠤᠪᠢ ᠬᠠᠰᠤᠬᠤ ᠮᠠᠲ᠋ᠧᠷᠢᠶᠠᠯ ᠢ ᠰᠤᠭᠤᠴᠢᠨ ᠠᠪᠴᠦ ᠬᠤᠪᠢ ᠬᠠᠰᠤᠬᠤ ᠠᠭᠤᠯᠭ᠎ᠠ ᠶᠢ ᠨᠥᠬᠦᠪᠥᠷᠢᠯᠡᠵᠦ᠂ ᠳᠠᠩᠰᠠ | ᠡᠪᠬᠡᠮᠡᠯ ᠤᠨ ᠮᠠᠲ᠋ᠧᠷᠢᠶᠠᠯ ᠢ ᠬᠤᠳᠠᠯ ᠬᠠᠭᠤᠷᠮᠠᠭ ᠢᠶᠠᠷ ᠵᠤᠬᠢᠶᠠᠭᠰᠠᠨ ᠢ ᠬᠤᠪᠢ ᠬᠠᠰᠤᠬᠤ ᠪᠠᠷᠢᠮᠵᠢᠶ᠎ᠠ ᠳᠤ | ᠳᠤᠬᠢᠷᠠᠭᠤᠯᠤᠯᠳᠠ ᠬᠢᠪᠡ᠃ | ︽ᠠᠷᠭ᠎ᠠ︾ ᠳᠤ ᠱᠠᠭᠠᠷᠳᠠᠭᠰᠠᠨ ᠨᠢ᠂ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ | ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠳᠠᠯᠠᠵᠤ᠂ ᠢᠯᠡ ᠪᠥᠭᠡᠳ ᠭᠤᠤᠯᠴᠢ ᠪᠠᠷ ᠲᠠᠩᠰᠠ ᠡᠪᠬᠡᠮᠡᠯ ᠢ ᠬᠢᠨᠠᠨ | ᠬᠤᠪᠢ ᠲᠣᠭᠲᠠᠭᠠᠬᠤ ᠬᠡᠷᠡᠭᠲᠡᠶ᠃ ᠬᠤᠪᠢ ᠲᠣᠭᠲᠠᠭᠠᠬᠤ ᠶᠢ ᠨᠥᠯᠥᠭᠡᠯᠡᠭᠰᠡᠨ ᠲᠠᠩᠰᠠ ᠡᠪᠬᠡᠮᠡᠯ ᠤᠨ ᠮᠠᠲ᠋ᠧᠷᠢᠶᠠᠯ ᠳᠤ | ᠠᠯᠳᠠᠭ᠎ᠠ ᠪᠤᠷᠤᠭᠤ ᠭᠠᠷᠤᠭᠰᠠᠨ ᠪᠠᠶᠢᠪᠠᠯ᠂ ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠥᠬᠦᠶ ᠰᠠᠯᠠᠭ᠎ᠠ | ᠮᠥᠴᠢᠷ ᠬᠠᠮᠲᠤᠪᠠᠷ ᠬᠢᠨᠠᠨ ᠬᠠᠷᠭᠤᠭᠤᠯᠵᠤ᠂ ᠴᠠᠭ ᠲᠤᠬᠠᠶ ᠳᠤᠨᠢ ᠨᠥᠬᠦᠪᠥᠷᠢᠯᠡᠨ ᠵᠠᠰᠠᠪᠤᠷᠢ ᠣᠷᠣᠭᠤᠯᠬᠤ ᠬᠡᠷᠡᠭᠲᠡᠶ᠃ | ᠬᠤᠪᠢ ᠲᠣᠭᠲᠠᠭᠠᠬᠤ ᠶᠢ ᠨᠥᠯᠥᠭᠡᠯᠡᠬᠦ ᠡᠯ᠎ᠡ ᠲᠥᠷᠥᠯ ᠤᠨ ᠨᠥᠬᠦᠪᠥᠷᠢ ᠮᠠᠲ᠋ᠧᠷᠢᠶᠠᠯ ᠢ ᠲᠥᠪᠬᠢᠨᠡᠭᠦᠯᠬᠦ ᠭᠠᠵᠠᠷ ᠤᠨ | ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠢᠯᠡ ᠨᠡᠶᠢᠲᠡᠯᠡᠬᠦ ᠠᠴᠠ ᠡᠮᠦᠨ᠎ᠡ ᠰᠢᠯᠵᠢᠭᠦᠯᠦᠨ | ᠲᠤᠰᠢᠶᠠᠵᠤ ᠬᠢᠨᠠᠨ ᠬᠠᠷᠭᠤᠭᠤᠯᠤᠭᠰᠠᠨ ᠪᠠᠶᠢᠪᠠᠯ᠂ ᠨᠥᠬᠦᠪᠥᠷᠢᠯᠡᠨ ᠬᠤᠪᠢ ᠲᠣᠭᠲᠠᠭᠠᠬᠤ ᠬᠡᠷᠡᠭᠲᠡᠶ᠃ ︽ᠠᠷᠭ᠎ᠠ︾ | ᠳᠤ ︽ᠵᠠᠰᠠᠭ ᠤᠨ ᠣᠷᠳᠣᠨ ᠤ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠭᠰᠡᠨ ᠴᠡᠷᠢᠭ ᠠᠴᠠ | ᠬᠠᠯᠠᠭᠳᠠᠭᠰᠠᠳ ᠤᠨ ᠠᠯᠪᠠ ᠬᠠᠭᠠᠬᠤ ᠢᠯᠡᠷᠡᠯ ᠢ ᠬᠡᠮᠵᠢᠶᠡᠵᠢᠭᠦᠯᠦᠨ ᠬᠤᠪᠢ ᠣᠯᠭᠤᠬᠤ ᠬᠦᠰᠦᠨᠦᠭᠲᠦ︾ ᠶᠢᠨ | ᠬᠡᠯᠪᠡᠷᠢ ᠮᠠᠶ᠋ᠢᠭ ᠢ ᠨᠢᠭᠡᠳᠬᠡᠵᠦ᠂ ᠴᠡᠷᠢᠭ ᠠᠴᠠ ᠬᠠᠯᠠᠭᠳᠠᠭᠰᠠᠳ ᠤᠨ ᠠᠯᠪᠠ ᠬᠠᠭᠠᠬᠤ ᠢᠯᠡᠷᠡᠯ ᠢ ᠬᠡᠮᠵᠢᠶᠡᠵᠢᠭᠦᠯᠦᠨ | ᠬᠤᠪᠢ ᠦᠨᠡᠯᠡᠬᠦ ᠠᠵᠢᠯ ᠢ ᠴᠡᠷᠢᠭ ᠠᠩᠭᠢ ᠶᠢᠨ ᠬᠤᠷᠢᠶ᠎ᠠ ᠱᠠᠲᠤᠨ ᠠᠴᠠ ᠳᠡᠭᠡᠭᠰᠢᠬᠢ ᠨᠢᠭᠡᠴᠡ ᠪᠣᠯᠤᠨ | ᠲᠥᠪᠬᠢᠨᠡᠭᠦᠯᠬᠦ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠤᠨ ᠭᠤᠤᠯᠯᠠᠨ ᠬᠠᠮᠢᠶᠠᠷᠬᠤ ᠴᠡᠷᠢᠭ ᠠᠴᠠ | ᠬᠠᠯᠠᠭᠳᠠᠬᠤ ᠦᠶ᠎ᠡ ᠶᠢᠨ ᠪᠠᠶᠢᠭ᠎ᠠ ᠴᠡᠷᠢᠭ ᠠᠩᠬᠢ ᠪᠣᠯᠤᠨ ᠲᠥᠪᠬᠢᠨᠡᠭᠦᠯᠬᠦ ᠭᠠᠵᠠᠷ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠠᠴᠠ ᠲᠤᠰ ᠲᠤᠰ ᠵᠣᠬᠢᠰᠲᠠᠶ ᠠᠷᠭ᠎ᠠ ᠬᠡᠮᠵᠢᠶ᠎ᠡ ᠠᠪᠴᠤ ᠢᠯᠡ ᠨᠡᠶᠢᠳᠡᠯᠡᠵᠦ᠂ ᠴᠠᠭ ᠬᠤᠭᠤᠴᠠᠭ᠎ᠠ ᠨᠢ 5 | ᠠᠵᠢᠯᠯᠠᠬᠤ ᠡᠳᠦᠷ ᠠᠴᠠ ᠳᠤᠲᠠᠭᠤ ᠪᠠᠶᠢᠵᠦ ᠪᠤᠯᠬᠤ ᠦᠬᠡᠢ ᠪᠦᠭᠡᠳ ᠴᠡᠷᠢᠭ ᠠᠴᠠ ᠬᠠᠯᠠᠭᠳᠠᠭᠰᠠᠨ ᠲᠤᠰ | ᠬᠥᠮᠦᠨ ᠨᠢ ᠭᠠᠷ ᠤᠨ ᠥᠰᠥᠭ ᠵᠢᠷᠤᠵᠤ ᠨᠤᠳᠠᠯᠠᠨ ᠵᠦᠪᠰᠢᠶᠡᠷᠡᠬᠦ ᠬᠡᠷᠡᠭᠲᠡᠶ᠃ ᠴᠡᠷᠢᠭ ᠠᠴᠠ ᠬᠠᠯᠠᠭᠳᠠᠭᠰᠠᠨ ᠲᠤᠰ | ᠬᠥᠮᠦᠨ ᠨᠢ ᠤᠯᠤᠭᠰᠠᠨ ᠬᠤᠪᠢ ᠳᠤ ᠰᠠᠨᠠᠯ ᠲᠠᠢ ᠪᠠᠶᠢᠪᠠᠯ᠂ ᠢᠯᠡ ᠨᠡᠶᠢᠳᠡᠯᠡᠬᠦ ᠬᠤᠭᠤᠴᠠᠭᠠᠨ ᠳᠤᠳᠤᠷ᠎ᠠ ᠢᠯᠡ | ᠨᠡᠶᠢᠳᠡᠯᠡᠬᠦ ᠠᠵᠢᠯ ᠢ ᠵᠤᠬᠢᠶᠠᠨ ᠪᠠᠶᠢᠭᠤᠯᠤᠭᠰᠠᠨ ᠨᠢᠭᠡᠴᠡ ᠳᠤ ᠲᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠂ | ᠢᠯᠡ ᠨᠡᠶᠢᠳᠡᠯᠡᠬᠦ ᠬᠤᠭᠤᠴᠠᠭ᠎ᠠ ᠦᠩᠭᠡᠷᠡᠳᠡᠯ᠎ᠡ ᠲᠠᠬᠢᠨ ᠬᠢᠨᠠᠭᠤᠯᠬᠤ ᠪᠠᠷ ᠭᠤᠶᠤᠴᠢᠯᠠᠭᠰᠠᠨ ᠥᠭᠡᠢ ᠪᠣᠯ ᠲᠤᠰ | ᠬᠥᠮᠦᠨ ᠨᠢ ᠰᠠᠨᠠᠯ ᠥᠭᠡᠢ ᠪᠠᠷ ᠦᠵᠡᠨ᠎ᠡ᠃ | ︽ᠠᠷᠭ᠎ᠠ︾ ᠳᠤ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠢ᠃ | ᠴᠡᠷᠢᠭ ᠠᠴᠠ ᠬᠠᠯᠠᠭᠳᠠᠭᠰᠠᠳ ᠲᠤ ᠬᠤᠪᠢ ᠣᠯᠭᠤᠬᠤ ᠵᠢᠴᠢ ᠵᠣᠬᠢᠬᠤ ᠭᠡᠷᠡᠴᠢ ᠮᠠᠲ᠋ᠧᠷᠢᠶᠠᠯ ᠢ ᠬᠤᠳᠠᠯ | ᠬᠠᠭᠤᠷᠮᠠᠭ ᠢᠶᠠᠷ ᠵᠣᠬᠢᠶᠠᠭᠰᠠᠨ ᠨᠢᠭᠡᠴᠡ ᠪᠣᠯᠤᠨ ᠬᠤᠪᠢ ᠬᠥᠮᠦᠨ ᠳᠤ ᠮᠤᠵᠢ ᠶᠢᠨ ᠱᠠᠲᠤᠨ ᠤ ᠴᠡᠷᠢᠭ ᠠᠴᠠ | ᠬᠠᠯᠠᠭᠳᠠᠭᠰᠠᠳ ᠢ ᠲᠥᠪᠬᠢᠨᠡᠭᠦᠯᠬᠦ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠴᠡᠷᠢᠭ ᠠᠩᠭᠢ ᠶᠢᠨ | ᠵᠣᠬᠢᠬᠤ ᠡᠷᠬᠡ ᠮᠡᠳᠡᠯ ᠤᠨ ᠰᠠᠯᠠᠭ᠎ᠠ ᠮᠥᠴᠢᠷ ᠠᠴᠠ ᠳᠡᠭᠡᠭᠰᠢ ᠮᠡᠳᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠴᠡᠷᠢᠭ ᠤᠨ ᠠᠵᠢᠯᠲᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠪᠠᠶᠢᠳᠠᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠨᠡᠶᠢᠳᠡᠯᠡᠵᠦ ᠮᠡᠳᠡᠭᠳᠡᠬᠦ ᠶᠢᠨ ᠬᠠᠮᠲᠤ ᠲᠣᠭᠲᠠᠭᠠᠯ | ᠶᠣᠰᠣᠭᠠᠷ ᠨᠢᠭᠡᠴᠡ ᠶᠢᠨ ᠬᠠᠷᠢᠭᠤᠴᠠᠯᠭᠠᠲᠠᠨ ᠪᠣᠯᠤᠨ ᠭᠠᠷᠲᠠᠨ ᠬᠦᠢᠴᠡᠳᠭᠡᠭᠴᠢ ᠶᠢᠨ ᠬᠠᠷᠢᠭᠤᠴᠠᠯᠭ᠎ᠠ ᠶᠢ | ᠨᠡᠬᠡᠮᠵᠢᠯᠡᠵᠦ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠭᠡᠮᠵᠢᠯᠡᠨ᠎ᠡ᠃ |