ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/9/6
       ᠪᠦᠬᠦ ᠣᠷᠣᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠳᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯ ᠤᠨ ᠲᠧᠯᠸᠢᠰ ᠤᠳᠠᠰᠤᠳᠦ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠲᠤᠷᠠᠨ ᠪᠠᠭᠤᠯᠭᠠᠭᠰᠠᠨ ︽ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠳᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 8 ᠰᠠᠷ᠎ᠠ ᠠᠴᠠ 10 ᠰᠠᠷ᠎ᠠ ᠪᠣᠯᠲᠠᠯ᠎ᠠ᠂ ᠪᠥᠬᠦ ᠬᠤᠰᠢᠭᠤᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠨ ᠤ ᠡᠪᠯᠡᠯ ᠤᠨ ᠰᠦᠢᠳᠭᠡᠯ ᠬᠤᠷᠢᠶᠠᠬᠤ ᠶᠢ ᠲᠤᠰᠬᠠᠶᠢᠯᠠᠨ ᠢᠯᠭᠠᠷᠠᠭᠤᠯᠤᠨ ᠴᠡᠭᠴᠡᠯᠡᠬᠦ ᠠᠵᠢᠯ ᠥᠷᠨᠢᠭᠦᠯᠬᠦ ᠪᠠᠷ ᠲᠣᠭᠲᠠᠪᠠ᠃ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠠ ᠰᠦᠪᠡᠭᠴᠢ ᠳᠤ ᠲᠥᠬᠦᠮ ᠦᠵᠡᠭᠦᠯᠬᠦ ᠶᠢᠨ ᠲᠥᠯᠥᠭᠡ᠂ ᠡᠳᠦᠭᠡ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠳᠤᠷ᠎ᠠ ᠪᠠᠷ ᠢᠶᠠᠨ ᠰᠦᠶ᠋ᠳᠬᠡᠯ ᠬᠤᠷᠢᠶᠠᠭᠰᠠᠨ ᠦᠶ᠋ᠯᠡ ᠠᠵᠢᠯᠯᠠᠭ᠎ᠠ ᠶᠢ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠤᠯᠪᠣᠭᠳᠠᠯ ᠪᠥᠬᠦᠶ ᠵᠦᠶ᠋ᠯᠡᠰ ᠢ ᠳᠣᠤᠷᠠᠬᠢ ᠮᠡᠲᠦ ᠵᠠᠷᠯᠠᠶ᠎ᠠ᠄            ᠨᠢᠭᠡ᠂ ᠴᠡᠭᠴᠡᠯᠡᠨ ᠵᠠᠰᠠᠬᠤ ᠵᠣᠷᠢᠯᠭ᠎ᠠ        ᠲᠤᠰᠬᠠᠶ ᠵᠦᠢᠯ ᠢᠶᠠᠷ ᠢᠯᠭᠠᠷᠠᠭᠤᠯᠤᠨ ᠴᠡᠭᠴᠡᠯᠡᠬᠦ ᠠᠵᠢᠯ ᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠠᠤᠯᠢ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠶᠢ ᠡᠷᠡᠰ ᠬᠤᠷᠢᠭᠯᠠᠨ ᠵᠣᠭᠰᠣᠭᠠᠵᠤ ᠪᠠᠶᠢᠴᠠᠭᠠᠨ ᠰᠢᠢᠳᠪᠦᠷᠢᠯᠡᠵᠦ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠠᠤᠯᠢ ᠶᠣᠰᠣᠨ ᠤ ᠵᠦᠶ ᠵᠣᠬᠢᠰᠲᠠᠶ ᠰᠦᠢᠳᠭᠡᠯ ᠬᠤᠷᠢᠶᠠᠬᠤ ᠶᠢ ᠪᠥᠬᠦ ᠲᠠᠯ᠎ᠠ ᠪᠠᠷ ᠲᠦᠷᠢᠮᠵᠢᠬᠦᠯᠬᠦ ᠪᠠ ᠬᠥᠲᠥᠯᠦᠨ ᠵᠢᠯᠣᠭᠤᠳᠴᠤ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠦᠢᠳᠭᠡᠯ ᠬᠤᠷᠢᠶᠠᠬᠤ ᠶᠢ ᠬᠢᠨᠠᠨ ᠬᠠᠮᠢᠶᠠᠷᠬᠤ ᠲᠦᠷᠢᠮ ᠤᠨ ᠠᠷᠭ᠎ᠠ ᠬᠡᠮᠵᠢᠶ᠎ᠡ ᠪᠠ ᠠᠵᠢᠯᠯᠠᠭᠠᠨ ᠤ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠬᠡᠪᠴᠢᠶ᠎ᠡ ᠶᠢ ᠤᠯᠠᠮ ᠴᠢᠨᠠᠭᠰᠢᠳᠠ ᠪᠠᠭᠤᠷᠠᠭᠤᠯᠵᠤ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠦᠭᠵᠢᠬᠦ ᠶᠢ ᠲᠦᠯᠬᠢᠨ ᠠᠬᠢᠭᠤᠯᠤᠨ᠎ᠠ᠃        ᠬᠤᠶᠠᠷ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠭᠤᠯᠭ᠎ᠠ        ︵ᠨᠢᠭᠡ︶ ᠠᠯᠪᠠᠳᠠᠯᠭ᠎ᠠ ᠪᠠᠷ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠯᠭ᠎ᠠ ᠪᠠᠷ ᠡᠪᠯᠡᠯ ᠳᠤ ᠣᠷᠣᠭᠤᠯᠬᠤ ᠶᠢᠨ ᠬᠠᠮᠲᠤ ᠨᠡᠶᠢᠭᠡᠮᠯᠢᠭ ᠤᠨ ᠰᠦᠢᠳᠬᠡᠯ ᠬᠤᠷᠢᠶᠠᠬᠤ︔        ︵ᠬᠤᠶᠠᠷ︶ ᠵᠥᠪᠬᠡᠨ ᠨᠡᠶᠢᠭᠡᠮᠯᠢᠭ ᠤᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠭᠡ ᠬᠠᠩᠭᠠᠬᠤ ᠦᠭᠡᠢ᠂ ᠡᠰᠡᠬᠦᠯ᠎ᠡ ᠨᠡᠶᠢᠭᠡᠮᠯᠢᠭ ᠤᠨ ᠰᠦᠢᠳᠬᠡᠯ ᠳᠤ ᠪᠠᠭᠲᠠᠭᠠᠭᠰᠠᠨ ᠦᠨᠳᠦᠰᠦᠨ ᠦᠢᠯᠡᠴᠢᠯᠡᠭᠡᠨ ᠤ ᠵᠦᠢᠯᠡᠰ ᠠᠴᠠ ᠰᠦᠢᠳᠬᠡᠯ ᠳᠠᠪᠬᠤᠷᠳᠠᠭᠤᠯᠤᠨ ᠬᠤᠷᠢᠶᠠᠬᠤ︔        ︵ᠭᠤᠷᠪᠠ︶ ᠰᠠᠯᠪᠤᠷᠢ ︵ᠲᠥᠯᠥᠭᠡᠯᠡᠭᠴᠢ︶ ᠪᠠᠶᠢᠭᠤᠯᠤᠮᠵᠢ ᠶᠢ ᠠᠰᠢᠭᠯᠠᠨ ᠨᠡᠶᠢᠭᠡᠮᠯᠢᠭ ᠤᠨ ᠰᠦᠢᠳᠬᠡᠯ ᠢ ᠤᠯᠠᠨ ᠲᠠᠯ᠎ᠠ ᠠᠴᠠ ᠬᠤᠷᠢᠶᠠᠬᠤ︔        ︵ᠲᠦᠷᠪᠡ︶ ︽ᠰᠦᠢᠳᠬᠡᠯ ᠬᠤᠷᠢᠶᠠᠪᠠᠯ ᠵᠤᠭᠤᠰ ᠪᠤᠴᠠᠭᠠᠬᠤ︾ ᠵᠡᠷᠭᠡ ᠠᠷᠭ᠎ᠠ ᠮᠠᠶ᠋ᠢᠭ ᠢᠶᠠᠷ ᠪᠦᠷᠢᠯᠳᠦᠬᠦᠨ ᠭᠡᠰᠢᠬᠦᠨ ᠡᠯᠰᠡᠵᠦ᠂ ᠨᠡᠶᠢᠭᠡᠮᠯᠢᠭ ᠤᠨ ᠰᠦᠢᠳᠬᠡᠯ ᠬᠤᠷᠢᠶᠠᠬᠤ︔        ︵ᠲᠠᠪᠤ︶ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠠᠶᠢᠳᠠᠵᠦ ᠡᠷᠬᠡ ᠣᠯᠭᠤᠭᠰᠠᠨ ᠵᠦᠢᠯᠡᠰ ᠢ ᠠᠰᠢᠭᠯᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ︔        ︵ᠵᠢᠷᠭᠤᠭ᠎ᠠ︶ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠵᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠪᠠᠷ ᠳᠠᠮᠵᠢᠭᠤᠯᠤᠨ ᠰᠦᠢᠳᠬᠡᠯ ᠬᠤᠷᠢᠶᠠᠬᠤ᠂ ᠢᠯᠠᠩᠭᠤᠶ᠎ᠠ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠠ ᠲᠤᠬᠢᠶᠠᠯ ᠢ ᠠᠰᠢᠭᠯᠠᠨ ᠲᠣᠭᠲᠠᠭᠠᠯ ᠠᠴᠠ ᠵᠥᠷᠢᠴᠡᠨ ᠠᠳᠠᠯᠢᠳᠬᠠᠨ ᠰᠢᠯᠭᠠᠷᠠᠭᠤᠯᠵᠤ ᠰᠦᠢᠳᠬᠡᠯ ᠬᠤᠷᠢᠶᠠᠬᠤ︔        ︵ᠲᠤᠯᠤᠭ᠎ᠠ︶ ᠠᠵᠢᠯ ᠮᠡᠷᠭᠡᠵᠢᠯ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠪᠠᠷ ᠳᠠᠮᠵᠢᠭᠤᠯᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ︔ ᡾        ︵ᠨᠠᠢᠮᠠ︶ ᠪᠦᠷᠢᠯᠳᠦᠬᠦᠨ ᠨᠢᠭᠡᠴᠡ ᠶᠢ ᠠᠯᠪᠠᠳᠠᠵᠤ ᠪᠠᠶᠢᠭᠠᠳ ᠡᠯ᠎ᠡ ᠲᠦᠷᠦᠯ ᠤᠨ ᠬᠤᠷᠠᠯ᠂ ᠪᠣᠯᠪᠠᠰᠤᠷᠠᠯ ᠂ ᠰᠢᠯᠭᠠᠯᠲᠠ᠂ ᠦᠵᠡᠬᠦᠯᠦᠯᠬᠡ᠂ ᠠᠳᠠᠯᠢᠳᠬᠠᠨ ᠰᠢᠯᠭᠠᠷᠠᠭᠤᠯᠬᠤ᠂ ᠭᠠᠳᠠᠭᠠᠳᠤ ᠳᠤ ᠭᠠᠷᠴᠤ ᠰᠢᠨᠵᠢᠯᠡᠨ ᠪᠠᠶᠢᠴᠠᠭᠠᠬᠤ ᠵᠡᠷᠭᠡ ᠡᠯ᠎ᠡ ᠲᠦᠷᠦᠯ ᠤᠨ ᠰᠦᠢᠳᠬᠡᠯ ᠬᠤᠷᠢᠶᠠᠬᠤ ᠠᠵᠢᠯᠯᠠᠭ᠎ᠠ ᠳᠤ ᠣᠷᠣᠯᠴᠠᠭᠤᠯᠬᠤ︔        ︵ᠶᠢᠰᠦ︶ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠠᠯᠪᠠᠳᠠᠵᠤ ᠪᠠᠶᠢᠭᠠᠳ ᠬᠤᠯᠪᠣᠭᠳᠠᠯ ᠪᠦᠬᠦᠢ ᠦᠢᠯᠡᠳᠬᠦᠨ ᠪᠤᠶᠤ ᠰᠡᠳᠬᠦᠯ ᠢ ᠳᠡᠮᠵᠢᠭᠦᠯᠬᠦ᠂ ᠪᠡᠯᠡᠭᠯᠡᠨ ᠬᠦᠷᠭᠡᠭᠦᠯᠬᠦ᠂ ᠵᠠᠬᠢᠶᠠᠯᠠᠨ ᠠᠪᠤᠭᠤᠯᠬᠤ︔        ︵ᠠᠷᠪᠠ︶ ᠰᠠᠯᠪᠤᠷᠢ ᠪᠠᠶᠢᠭᠤᠯᠤᠮᠵᠢ᠂ ᠲᠥᠯᠥᠭᠡᠯᠡᠬᠦ ᠪᠠᠶᠢᠭᠤᠯᠤᠮᠵᠢ ᠪᠠᠶᠢᠭᠤᠯᠬᠤ ᠨᠡᠷ᠎ᠡ ᠪᠠᠷ ᠬᠠᠮᠢᠶᠠᠷᠤᠯᠲᠠ ᠶᠢᠨ ᠰᠦᠢᠳᠬᠡᠯ᠂ ᠳᠡᠮᠵᠢᠯᠭᠡ ᠶᠢᠨ ᠰᠦᠢᠳᠬᠡᠯ ᠬᠤᠷᠢᠶᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠬᠤ︔        ︵ᠠᠷᠪᠠᠨ ᠨᠢᠭᠡ︶ ᠬᠡᠷᠡᠭ ᠡᠷᠬᠢᠯᠡᠭᠴᠢ᠂ ᠪᠠᠶᠢᠩᠭᠤ ᠶᠢᠨ ᠬᠡᠷᠡᠭ ᠡᠷᠬᠢᠯᠡᠭᠴᠢ᠂ ᠬᠠᠷᠢᠭᠤᠴᠠᠯᠭᠠᠲᠠᠨ ᠪᠣᠯᠬᠤ ᠨᠡᠷ᠎ᠡ ᠪᠠᠷ  ᠪᠦᠷᠢᠯᠳᠦᠬᠦᠨ ᠭᠡᠰᠢᠬᠦᠨ ᠠᠴᠠ ᠨᠡᠶᠢᠭᠡᠮᠯᠢᠭ ᠤᠨ ᠰᠦᠢᠳᠬᠡᠯ ᠠᠴᠠ ᠭᠠᠳᠠᠨᠠᠬᠢ ᠪᠤᠰᠤᠳ ᠰᠦᠢᠳᠬᠡᠯ ᠬᠤᠷᠢᠶᠠᠨ᠎ᠠ︔        ︵ᠠᠷᠪᠠᠨ ᠬᠤᠶᠠᠷ︶ ᠨᠡᠶᠢᠭᠡᠮᠯᠢᠭ ᠤᠨ ᠰᠦᠢᠳᠬᠡᠯ ᠤᠨ ᠪᠠᠷᠢᠮᠵᠢᠶ᠎ᠠ ᠶᠢ ᠲᠣᠭᠲᠠᠭᠠᠭᠰᠠᠨ ᠲᠦᠷᠢᠮ ᠶᠣᠰᠣᠭᠠᠷ ᠲᠣᠭᠲᠠᠭᠠᠭᠰᠠᠨ ᠦᠭᠡᠢ ᠪᠤᠶᠤ ᠵᠠᠰᠠᠪᠤᠷᠢ ᠣᠷᠣᠭᠤᠯᠤᠭᠰᠠᠨ ᠦᠭᠡᠢ︔        ︵ᠠᠷᠪᠠᠨ ᠭᠤᠷᠪᠠ︶ ᠠᠯᠪᠠᠳᠠᠯᠭ᠎ᠠ ᠶᠢᠨ ᠴᠢᠨᠠᠷᠲᠠᠶ ᠡᠵᠡᠩᠨᠡᠯᠲᠡ ᠶᠢᠨ ᠦᠢᠯᠡᠴᠢᠯᠡᠭᠡᠨ ᠤ ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠲᠣᠭᠲᠠᠭᠠᠭᠰᠠᠨ ᠥᠬᠡᠶ ᠪᠤᠶᠤ ᠵᠠᠰᠠᠪᠤᠷᠢ ᠣᠷᠣᠭᠤᠯᠤᠭᠰᠠᠨ ᠥᠬᠡᠶ︔        ︵ᠠᠷᠪᠠᠨ ᠲᠦᠷᠪᠡ︶ ᠵᠠᠬ᠎ᠠ ᠳᠡᠯᠭᠡᠭᠦᠷ ᠢᠶᠠᠷ ᠦᠨ᠎ᠡ ᠲᠣᠬᠢᠷᠠᠭᠤᠯᠬᠤ ᠶᠢ ᠭᠡᠷᠡᠭᠵᠢᠬᠦᠯᠵᠦ ᠪᠠᠶᠢᠭ᠎ᠠ ᠡᠵᠡᠩᠨᠡᠯᠲᠡ ᠶᠢᠨ ᠦᠢᠯᠡᠴᠢᠯᠡᠭᠡᠨ ᠤ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ ᠤᠨ ᠰᠦᠢᠳᠬᠡᠯ ᠬᠤᠷᠢᠶᠠᠬᠤ ᠪᠠᠷᠢᠮᠵᠢᠶ᠎ᠠ ᠨᠢ ᠵᠦᠢ ᠵᠤᠬᠢᠰ ᠤᠢᠭᠡᠢ ᠪᠠᠶᠢᠬᠤ︔        ︵ᠠᠷᠪᠠᠨ ᠲᠠᠪᠤ︶ ᠪᠤᠰᠤᠳ ᠠᠵᠤ ᠠᠬᠤᠶᠢᠯᠠᠯ ᠪᠣᠯᠤᠨ ᠤᠯᠠᠨ ᠲᠦᠮᠡᠨ ᠤ ᠲᠤᠰᠬᠠᠯ ᠶᠡᠬᠡᠲᠡᠶ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠥᠢᠯᠡ ᠠᠵᠢᠯᠯᠠᠭ᠎ᠠ᠃        ᠭᠤᠷᠪᠠ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠰᠢᠢᠳᠪᠦᠷᠢᠯᠡᠬᠦ        ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠴᠢᠨᠠᠭᠰᠢᠳᠠ ᠰᠠᠭᠠᠳ ᠥᠬᠡᠶ ᠨᠡᠪᠲᠡᠷᠡᠭᠦᠯᠬᠦ ᠶᠢᠨ ᠲᠤᠰᠠᠳᠠ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠪᠠᠶᠢᠭᠤᠯᠤᠨ ᠨᠡᠶᠢᠲᠡᠯᠡᠵᠦ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠠᠤᠯᠢ ᠲᠣᠭᠲᠠᠭᠠᠯ ᠠᠴᠠ ᠵᠦᠷᠢᠴᠡᠨ ᠰᠦᠢᠳᠭᠡᠯ ᠬᠤᠷᠢᠶᠠᠭᠰᠠᠨ ᠰᠦᠪᠡᠭᠴᠢ ᠶᠢ ᠣᠯᠠᠨ ᠲᠦᠮᠡᠨ ᠪᠠ ᠭᠡᠰᠢᠭᠦᠳ ᠤᠨ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ ᠦᠨᠡᠨ ᠨᠡᠷ᠎ᠡ ᠪᠠᠷ ᠢᠶᠠᠨ ᠢᠯᠡᠴᠢᠯᠡᠨ ᠮᠡᠳᠡᠭᠦᠯᠬᠦ ᠶᠢ ᠰᠠᠨᠠᠭᠠᠴᠢᠯᠠᠨ᠎ᠠ᠂ ᠪᠢᠳᠡ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃        ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠤᠲᠠᠰᠤ᠄ 0470 — 6401925        ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ xbehyqmzj@163.com          ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠲᠠᠰᠤ᠄ 0470 — 6401939        ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ xyqfgjbgs@126.com        ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠤᠲᠠᠰᠤ᠄ 0470 — 6407704        ᠢᠯᠡᠴᠢᠯᠡᠨ ᠮᠡᠳᠡᠭᠦᠯᠬᠦ ᠰᠢᠦᠳᠠᠨ ᠬᠠᠶᠢᠷᠴᠠᠭ᠄ xyqscjdglj2017 @163.com        ᠡᠭᠦᠨ ᠤ ᠲᠤᠯᠠ ᠣᠨᠴᠠᠭᠠᠶᠢᠯᠠᠨ ᠵᠠᠷᠯᠠᠪᠠ᠃                 ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ         ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                         2021 ᠤᠨ ᠤ 8 ᠰᠠᠷ᠎ᠠ ᠶᠢᠨ 24 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号