︽ᠬᠤᠶᠠᠷ ᠢ ᠬᠦᠩᠭᠡᠯᠡᠬᠦ︾ ᠰᠢᠨ᠎ᠡ ᠰᠤᠷᠤᠯᠭ᠎ᠠ ᠶᠢᠨ ᠬᠤᠭᠤᠴᠠᠭ᠎ᠠ᠄ ᠮᠠᠨ ᠤ ᠬᠤᠰᠢᠭᠤᠨ ᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠭᠤᠶᠢᠳᠠ ᠰᠠᠶᠢᠬᠠᠨ ᠶᠠᠪᠤᠭᠳᠠᠵᠦ ᠪᠤᠢ
ᠨᠡᠶᠢᠲᠡᠯᠡᠭᠰᠡᠨ ᠴᠠᠭ᠄
2021/9/8
       ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠪᠣᠯ ︽ᠬᠤᠶᠠᠷ ᠢ ᠬᠦᠩᠭᠡᠯᠡᠬᠦ︾ ᠠᠬᠤᠶ ᠪᠠᠶᠢᠳᠠᠯ ᠳᠣᠤᠷᠠᠬᠢ ᠠᠩᠬᠠᠨ ᠤ ᠰᠤᠷᠤᠯᠭ᠎ᠠ ᠶᠢᠨ ᠬᠤᠭᠤᠴᠠᠭ᠎ᠠ ᠪᠣᠯᠤᠨ᠎ᠠ᠂ 8 ᠰᠠᠷ᠎ᠠ ᠶᠢᠨ 30 ᠤ ᠡᠳᠦᠷ ᠰᠤᠷᠤᠯᠭ᠎ᠠ ᠡᠬᠢᠯᠡᠭᠰᠡᠨ ᠠᠴᠠ ᠨᠠᠰᠢ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ︽ᠬᠤᠶᠠᠷ ᠢ ᠬᠦᠩᠭᠡᠯᠡᠬᠦ︾ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠰᠤᠷᠭᠠᠭᠤᠯᠢ ᠶᠢᠨ ᠰᠤᠷᠤᠯᠭ᠎ᠠ ᠶᠢᠨ ᠪᠠᠶᠢᠳᠠᠯ ᠪᠠ ᠰᠤᠷᠭᠠᠭᠤᠯᠢ ᠡᠷᠭᠢᠯᠡᠬᠦ ᠣᠨᠴᠠᠯᠢᠭ ᠢ ᠦᠨᠳᠦᠰᠦᠯᠡᠨ᠂ ᠰᠤᠷᠭᠠᠭᠤᠯᠢ ᠶᠢᠨ ᠪᠠᠭᠰᠢ ᠶᠢ ᠳᠠᠶᠢᠴᠢᠯᠠᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠬᠡᠷᠡᠭᠵᠢᠭᠦᠯᠵᠦ᠂ ᠰᠣᠷᠣᠭᠴᠢ ᠶᠢᠨ ᠰᠤᠷᠭᠠᠭᠤᠯᠢ ᠡᠷᠲᠡ ᠲᠠᠷᠬᠠᠬᠤ᠂ ᠬᠡᠷ ᠤᠨ ᠠᠬᠠᠮᠠᠳ ᠲᠣᠰᠴᠤ ᠬᠦᠷᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠰᠣᠷᠣᠭᠴᠢ ᠶᠢᠨ ᠪᠥᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠵᠦ ᠪᠤᠢ᠃        ᠰᠤᠷᠭᠠᠭᠤᠯᠢ ᠶᠢᠨ ᠬᠦᠷᠢᠶᠡᠨ ᠳᠠᠬᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠥᠷᠨᠢᠭᠦᠯᠬᠦ ᠪᠣᠯ ᠰᠤᠷᠭᠠᠭᠤᠯᠢ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠬᠦ ᠠᠮᠢᠳᠤᠯᠢᠭ ᠢᠯᠡᠷᠡᠯ ᠮᠥᠨ᠃ ᠰᠤᠷᠭᠠᠭᠤᠯᠢ ᠡᠬᠢᠯᠡᠭᠰᠡᠨ ᠠᠴᠠ ᠨᠠᠰᠢ᠂ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯᠯᠠᠭ᠎ᠠ ᠡᠮᠬᠢ ᠳᠢᠭᠯᠢᠮ ᠲᠠᠢ ᠶᠠᠪᠤᠭᠳᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠳᠤ ᠣᠷᠣᠯᠴᠠᠭᠰᠠᠨ ᠰᠤᠷᠤᠭᠴᠢᠳ ᠬᠢᠴᠢᠶᠡᠯ ᠤᠨ ᠬᠡᠷ ᠲᠡᠭᠡᠨ ᠨᠠᠮ ᠵᠢᠮᠬᠡᠨ ᠳᠠᠰᠬᠠᠯ ᠬᠢᠵᠦ᠂ ᠮᠠᠳᠠᠭ ᠲᠠᠢ ᠠᠰᠠᠭᠤᠳᠠᠯ ᠲᠤᠯᠭᠠᠷᠠᠪᠠᠯ ᠪᠠᠭᠰᠢ ᠠᠴᠠ ᠪᠠᠨ ᠠᠰᠠᠭᠤᠵᠤ ᠤᠶᠢᠯᠠᠭᠠᠨ᠎ᠠ︔ ᠡᠰᠡᠬᠦᠯ᠎ᠡ ᠬᠢᠴᠢᠶᠡᠯ ᠤᠨ ᠭᠠᠳᠠᠨᠠᠬᠢ ᠨᠣᠮ ᠤᠩᠰᠢᠵᠤ᠂ ᠮᠡᠳᠡᠯᠭᠡ ᠶᠢᠨ ᠬᠠᠷᠠᠭ᠎ᠠ ᠬᠡᠪᠴᠢᠶ᠎ᠡ ᠪᠠᠨ ᠦᠷᠭᠡᠳᠭᠡᠨ᠎ᠡ᠃        ᠨᠢᠭᠡᠳᠦᠭᠡᠷ ᠪᠠᠭ᠎ᠠ ᠰᠤᠷᠭᠠᠭᠤᠯᠢ ᠶᠢᠨ ᠤᠨᠴᠠᠯᠢᠭᠳᠤ ᠬᠢᠴᠢᠶᠡᠯ ᠳᠤ ᠮᠣᠩᠭᠤᠯ ᠰᠢᠲᠠᠷ᠎ᠠ᠂ ᠤᠷᠠᠨ ᠵᠢᠷᠤᠭ᠂ ᠤᠷᠠᠨ ᠪᠢᠴᠢᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ 18 ᠲᠥᠷᠥᠯ ᠤᠨ ᠣᠯᠠᠨ ᠶᠠᠩᠵᠤ ᠶᠢᠨ ᠳᠤᠷ᠎ᠠ ᠰᠣᠨᠢᠷᠬᠠᠯ ᠤᠨ ᠬᠢᠴᠢᠶᠡᠯ ᠲᠣᠬᠢᠷᠠᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠦᠨᠡᠨ ᠬᠦ ︽ᠬᠤᠶᠠᠷ ᠢ ᠬᠦᠩᠭᠡᠯᠡᠬᠦ︾ ᠭᠤᠤᠯ ᠵᠢᠭᠰᠠᠭᠠᠯ ᠤᠨ ᠭᠠᠵᠠᠷ ᠪᠠ ᠬᠡᠪ ᠴᠢᠨᠠᠷ ᠤᠨ ᠰᠤᠷᠭᠠᠨ ᠬᠥᠮᠦᠵᠢᠯ ᠤᠨ ᠶᠡᠭᠡ ᠬᠢᠴᠢᠶᠡᠯ ᠤᠨ ᠲᠠᠩᠬᠢᠮ ᠪᠤᠯᠭᠠᠵᠦ᠂ ᠤᠯᠠᠩᠬᠢ ᠳᠤᠭᠠᠨ ᠤ ᠰᠤᠷᠤᠭᠴᠢᠳ ᠢᠳᠡᠪᠬᠢᠳᠡᠢ ᠤᠷᠤᠯᠴᠠᠭᠰᠠᠨ ᠪᠠᠶᠢᠨ᠎ᠠ᠃        ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠠᠭ ᠢ ᠦᠳᠡ ᠶᠢᠨ ᠬᠤᠶᠢᠨ᠎ᠠ ᠶᠢᠨ ᠨᠠᠢᠮᠠᠳᠤᠭᠠᠷ ᠬᠢᠴᠢᠶᠡᠯ ᠳᠤ ᠳᠤᠬᠢᠷᠠᠭᠤᠯᠪᠠ᠂ ᠥᠭᠡᠷ᠎ᠡ ᠪᠠᠷ ᠬᠡᠯᠡᠪᠡᠯ ᠦᠳᠡ ᠶᠢᠨ ᠬᠤᠶᠢᠨ᠎ᠠ ᠶᠢᠨ ᠲᠦᠷᠪᠡᠨ ᠴᠠᠭ ᠲᠠᠪᠢᠨ ᠮᠢᠨᠦ᠋ᠲ ᠠᠴᠠ ᠲᠠᠪᠤᠨ ᠴᠠᠭ ᠬᠠᠭᠠᠰ ᠪᠣᠯᠲᠠᠯ᠎ᠠ ᠤᠷᠤᠨ᠎ᠠ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠨᠢ ᠬᠡᠷ ᠤᠨ ᠠᠬᠠᠮᠠᠳ ᠤᠨ ᠬᠦᠷᠢᠶᠡᠯᠡᠯ ᠢ ᠣᠯᠵᠤ᠂ ᠬᠡᠷ ᠤᠨ ᠠᠬᠠᠮᠠᠳ ᠤᠨ ᠲᠣᠰᠴᠤ ᠬᠦᠷᠭᠡᠬᠦ ᠳᠤ ᠬᠦᠴᠢᠷᠲᠡᠶ᠂ ᠬᠡᠤᠬᠡᠳ ᠢᠶᠠᠨ ᠤᠴᠢᠭᠤᠯᠬᠤ ᠭᠠᠵᠠᠷ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠨᠠᠩ ᠡᠷᠡᠭᠦᠯ ᠰᠠᠷᠠᠭᠤᠯ ᠰᠤᠷᠭᠠᠨ ᠬᠥᠮᠦᠵᠢᠯ ᠤᠨ ᠠᠮᠢ ᠠᠬᠤᠶ ᠶᠢ ᠪᠣᠶ ᠪᠤᠯᠭᠠᠭᠰᠠᠨ ᠪᠠᠶᠢᠨ᠎ᠠ᠃        ︽ᠬᠤᠶᠠᠷ ᠢ ᠬᠦᠩᠭᠡᠯᠡᠬᠦ︾ ᠶᠢ ᠨᠠᠶᠢᠳᠠᠪᠤᠷᠢᠵᠢᠭᠤᠯᠵᠤ᠂ ︽ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠤᠭᠴᠢᠳ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ︾ ᠨᠢ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠬᠦᠴᠦᠯᠡᠬᠦ ᠴᠡᠭ ᠪᠣᠯᠤᠭᠰᠠᠨ ᠪᠠᠶᠢᠨ᠎ᠠ᠃ ᠳᠤᠰ ᠰᠤᠷᠭᠠᠭᠤᠯᠢ ᠶᠢᠨ ᠪᠠᠭᠰᠢ᠂ ᠲᠤᠰᠬᠠᠶ ᠮᠡᠷᠭᠡᠵᠢᠯ ᠤᠨ ᠪᠠᠭᠰᠢ ᠨᠠᠷ ᠬᠢᠴᠢᠶᠡᠯ ᠪᠠᠭᠤᠭᠰᠠᠨ ᠤ ᠳᠠᠷᠠᠭ᠎ᠠ᠂ ᠬᠡᠤᠬᠡᠳ ᠤᠳ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠲᠤ ᠤᠴᠢᠬᠤ ᠪᠠᠨ ᠪᠤᠯᠢᠵᠤ᠂ ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ ᠵᠡᠷᠭᠡ ᠡᠯᠧᠺᠲᠷᠣᠨ ᠦᠢᠯᠡᠳᠬᠦᠨ ᠢᠶᠠᠨ ᠦᠵᠡᠬᠦ ᠪᠠᠨ ᠪᠠᠶᠢᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠬᠢᠴᠢᠶᠡᠯ ᠤᠨ ᠳᠠᠷᠠᠭᠠᠬᠢ ᠰᠤᠷᠤᠯᠴᠠᠯᠭ᠎ᠠ ᠪᠠ ᠡᠯᠪᠡᠭ ᠪᠠᠶᠠᠯᠢᠭ ᠨᠡᠶᠢᠭᠡᠮ ᠤᠨ ᠪᠦᠯᠬᠦᠮ ᠤᠨ ᠠᠵᠢᠯᠯᠠᠭ᠎ᠠ ᠳᠤ ᠣᠷᠣᠯᠴᠠᠵᠤ᠂ ᠪᠡᠶ᠎ᠡ ᠰᠡᠳᠬᠢᠯ ᠢᠶᠠᠨ ᠪᠠᠶᠠᠰᠬᠠᠨ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠪᠠᠶᠠᠷ ᠬᠥᠷ ᠲᠠᠢ ᠪᠠᠷ ᠦᠰᠦᠨ ᠪᠤᠶᠢᠵᠢᠨ᠎ᠠ᠃                  ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号