ᠵᠢᠩ ᠳ᠋ᠦᠩ ᠤᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2021/9/8
       9 ᠰᠠᠷ᠎ᠠ ᠶᠢᠨ 6 ᠤ ᠡᠳᠦᠷ᠂ ᠵᠢᠩ ᠳ᠋ᠦᠩ ᠺᠣᠮᠫᠠᠨᠢ ᠶᠢᠨ ᠯᠢᠶᠣᠤᠨᠢᠩ ᠤᠨ ᠵᠢᠩ ᠪᠠᠩ ᠳ᠋ᠠ ᠬᠠᠩᠭᠠᠯᠭ᠎ᠠ ᠶᠢᠨ ᠬᠡᠯᠬᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠶᠢᠨ ᠵᠢᠶ ᠯᠦᠩ ᠨᠠᠷ ᠮᠠᠨ ᠤ ᠬᠤᠰᠢᠭᠤᠨ ᠳᠤ ᠢᠷᠡᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠵᠢᠯᠯᠠᠭᠠᠨ ᠤ ᠠᠷᠭ᠎ᠠ ᠮᠠᠶ᠋ᠢᠭ ᠵᠡᠷᠭᠡ ᠲᠠᠯ᠎ᠠ ᠶᠢᠨ ᠠᠵᠢᠯ ᠢ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳ᠋ᠢᠩ ᠸᠠᠨ ᠶᠦᠩ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠪᠠ᠃        ᠰᠢᠨᠵᠢᠯᠡᠨ ᠪᠠᠶᠢᠴᠠᠭᠠᠬᠤ ᠶᠠᠪᠤᠴᠠ ᠳᠤ᠂ ᠶᠢᠨ ᠵᠢᠶ ᠯᠦᠩ ᠨᠠᠷ ᠤᠷᠢᠳ ᠬᠤᠵᠢᠳ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠭᠵᠢᠬᠦᠯᠦᠯᠳᠡ ᠶᠢᠨ ᠲᠥᠪ᠂ ᠬᠥᠯᠥᠨ ᠪᠠᠯᠭᠠᠰᠤ ᠵᠡᠷᠭᠡ ᠭᠠᠵᠠᠷ ᠲᠤ ᠬᠦᠷᠴᠦ ᠠᠵᠢᠯᠯᠠᠭᠠᠨ ᠤ ᠪᠠᠶᠢᠳᠠᠯ ᠢ ᠣᠶᠢᠯᠠᠭᠠᠪᠠ᠃        ᠳ᠋ᠢᠩ ᠸᠠᠨ ᠶᠦᠩ ᠮᠠᠨ ᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠠᠷᠢᠯᠢᠭ ᠲᠠᠨᠢᠯᠴᠠᠭᠤᠯᠪᠠ᠃ ᠲᠡᠷᠡ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠪᠣᠯ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠣᠯ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠴᠢᠬᠤᠯᠠ ᠭᠠᠷᠳᠠᠨ ᠬᠢᠬᠦ ᠴᠡᠭ ᠮᠥᠨ᠂ ᠲᠥᠷᠥᠯ ᠵᠦᠢᠯ ᠤᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠲᠣᠰ ᠲᠣᠰ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠠᠰᠢᠭ ᠭᠥᠷᠳᠡᠬᠦ ᠲᠣᠬᠢᠶᠠᠯ ᠢ ᠬᠠᠮᠲᠤ ᠪᠠᠷ ᠡᠷᠢᠯᠬᠢᠯᠡᠵᠦ᠂ ᠨᠠᠩ ᠢᠳᠡᠪᠬᠢᠲᠡᠶ ᠣᠪᠣᠷ ᠪᠠᠶᠢᠳᠠᠯ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃                             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号