ᠨᠠᠮ ᠤᠨ ᠪᠠᠶᠢᠭᠤᠯᠤᠯᠲᠠ ᠶᠢᠨ ᠦᠵᠡᠭᠦᠯᠦᠯᠭᠡ ᠪᠠᠷ ᠰᠣᠯᠢᠯᠴᠠᠭ᠎ᠠ ᠶᠢ ᠠᠬᠢᠭᠤᠯᠵᠤ ᠵᠢᠱᠢᠶ᠎ᠡ ᠦᠵᠡᠬᠦᠯᠦᠨ ᠬᠦᠳᠦᠯᠦᠨ ᠳᠠᠭᠠᠭᠤᠯᠬᠤ ᠶᠢ ᠠᠬᠢᠭᠤᠯᠵᠤ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠮᠠᠯᠵᠢᠬᠤ ᠣᠷᠣᠨ ᠤ ᠣᠳᠣᠬᠢᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2021/9/8
       9 ᠰᠠᠷ᠎ᠠ ᠶᠢᠨ 7 ᠤ ᠡᠳᠦᠷ᠂ ᠪᠤᠠᠠᠳᠠᠠᠭᠤᠯᠠ ᠰᠤᠮᠤᠨ ᠳᠤ᠂ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ ᠶᠢᠨ ᠲᠣᠭᠤᠷᠢᠨ ᠦᠵᠡᠵᠦ ᠰᠣᠯᠢᠯᠴᠠᠬᠤ ᠬᠤᠷᠠᠯ ᠬᠢᠵᠦ᠂ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ ᠶᠢᠨ ᠨᠡᠶᠢᠲᠡᠯᠢᠭ ᠲᠤᠷᠰᠢᠯᠭ᠎ᠠ ᠪᠠ ᠥᠪᠡᠷᠮᠢᠴᠡ ᠣᠨᠴᠠᠯᠢᠭ ᠲᠠᠢ ᠠᠷᠭ᠎ᠠ ᠬᠢᠳᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠶᠢ ᠰᠦᠪᠡᠭᠴᠢᠯᠡᠭᠰᠡᠨ ᠪᠠᠶᠢᠨ᠎ᠠ᠃ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂ ᠵᠢᠶᠠ ᡁᠢ ᠺᠦᠶ ᠨᠡᠷ ᠬᠤᠷᠠᠯ ᠳᠤ ᠣᠷᠣᠯᠴᠠᠵᠠᠶ᠃
           ᠪᠤᠭᠳᠠᠠᠭᠤᠯᠠ ᠰᠤᠮᠤ ᠶᠢᠨ ᠭᠧᠨᠽᠢ ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ᠂ ᠪᠤᠭᠳᠠᠠᠭᠤᠯᠠ ᠰᠤᠮᠤ᠂ ᠪᠤᠶᠢᠷ ᠰᠤᠮᠤ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠦᠯᠦᠨ ᠰᠤᠮᠤ ᠶᠢᠨ ᠮᠠᠩᠯᠠᠢ ᠭᠠᠴᠠᠭ᠎ᠠ ᠶᠢᠨ ᠨᠠᠮ ᠤᠨ ᠡᠭᠦᠷ ᠤᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠪᠣᠯᠤᠨ ᠣᠨᠴᠠᠯᠢᠭ ᠲᠠᠢ ᠬᠢᠯᠠᠰ ᠴᠡᠭ ᠲᠠᠢ ᠠᠵᠢᠯ ᠯᠤᠭ᠎ᠠ ᠤᠶᠠᠯᠳᠤᠭᠤᠯᠤᠨ ᠲᠤᠷᠰᠢᠯᠭ᠎ᠠ ᠪᠠᠨ ᠰᠣᠯᠢᠯᠴᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠴᠢᠨᠠᠷ ᠰᠠᠶᠢᠲᠠᠢ ᠠᠬᠢᠭᠤᠯᠬᠤ ᠶᠢᠨ ᠲᠣᠭᠤᠷᠢᠨ ᠳᠤ ᠰᠡᠳᠬᠢᠴᠡ ᠪᠠ ᠲᠥᠯᠥᠪᠯᠡᠭᠡ ᠪᠠᠨ ᠶᠠᠷᠢᠯᠴᠠᠵᠠᠢ᠃
           ᠪᠦᠬᠡᠪᠠᠶᠠᠷ ᠵᠢᠭᠠᠵᠤ ᠭᠠᠷᠭᠠᠬᠤ ᠳᠠᠭᠠᠨ᠂ ᠵᠢᠯ ᠤᠨ ᠡᠬᠢᠨ ᠠᠴᠠ ᠨᠠᠰᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠶ ᠪᠠᠷ ᠭᠦᠢᠴᠡᠳᠬᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠢᠶᠠᠷ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠳᠤ ᠪᠦᠬᠦᠯᠢ ᠴᠣᠭᠴᠠ ᠶᠢᠨ ᠲᠠᠯ᠎ᠠ ᠪᠠᠷ ᠰᠠᠭᠤᠷᠢ ᠶᠢ ᠪᠠᠬᠢᠵᠢᠭᠦᠯᠬᠦ᠂ ᠦᠨᠳᠦᠰᠦ ᠶᠢ ᠪᠠᠳᠤᠳᠬᠠᠬᠤ᠂ ᠯᠠᠪᠳᠠᠭᠤᠨ ᠢᠶᠠᠷ ᠤᠷᠤᠭᠰᠢᠯᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠰᠠᠶᠢᠨ ᠬᠠᠨᠳᠤᠰᠢ ᠲᠠᠢ ᠪᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ ᠭᠡᠵᠡᠢ᠃
           ᠪᠥᠬᠡᠪᠠᠶᠠᠷ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭᠠᠨ ᠤ ᠰᠠᠭᠤᠷᠢ ᠪᠠᠨ ᠪᠠᠬᠢᠵᠢᠬᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠶ︔ ᠦᠨᠳᠦᠰᠦᠨ ᠱᠠᠲᠤᠨ ᠤ ᠰᠠᠭᠤᠷᠢ ᠶᠢ ᠴᠥᠬᠦᠷᠡᠰᠢ ᠦᠭᠡᠢ ᠪᠠᠲᠤᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢᠨ ᠦᠢᠯᠡᠳᠦᠯ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠯᠠᠪᠳᠠᠭᠤᠨ ᠪᠠᠲᠤᠲᠠᠶ ᠳᠡᠭᠡᠭᠰᠢᠯᠡᠭᠦᠯᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭᠠᠳᠬᠠᠨ ᠲᠦᠷᠢᠮᠵᠢᠬᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ᠂ ᠺᠠᠳ᠋ᠷ ᠤᠨ ᠡᠩᠨᠡᠭᠡ ᠪᠤᠯᠤᠨ ᠨᠠᠮ ᠤᠨ ᠭᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠪᠤᠢ ᠪᠤᠯᠭᠠᠨ᠂ ᠠᠮᠢ ᠠᠬᠤᠢ ᠶᠢ ᠤᠷᠢᠳᠠᠪᠠᠷ ᠪᠤᠳᠤᠯᠬᠢᠯᠠᠨ᠂ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠢᠳᠡᠪᠬᠢᠲᠡᠢ ᠰᠦᠪᠡᠭᠴᠢᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠶᠢᠴᠢᠨ ᠪᠠᠬᠢᠯᠡᠯᠲᠡ ᠪᠠ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠪᠣᠯᠭᠠᠨ ᠴᠣᠭᠴᠠᠯᠠᠬᠤ ᠬᠡᠷᠡᠭᠲᠡᠢ ᠬᠡᠵᠡᠢ᠃
   
               ᠲᠤᠰ ᠡᠳᠦᠷ ᠤᠨ ᠦᠳᠡ ᠶᠢᠨ ᠡᠮᠦᠨ᠎ᠡ᠂ ᠪᠦᠬᠡᠪᠠᠶᠠᠷ ᠨᠠᠷ ᠪᠤᠭᠳᠠᠠᠭᠤᠯᠠ ᠰᠤᠮᠤ ᠶᠢᠨ ᠭᠠᠩᠭᠠᠲᠤ ᠭᠠᠴᠠᠭ᠎ᠠ ᠶᠢᠨ ᠨᠠᠮ ᠤᠨ ᠭᠡᠰᠢᠬᠦᠨ ᠪᠠ ᠤᠯᠠᠨ ᠲᠦᠮᠡᠨ ᠤ ᠦᠢᠯᠡᠴᠢᠯᠡᠭᠡᠨ ᠤ ᠴᠡᠭ᠂ ᠤᠯᠠᠭᠠᠨ ᠪᠠᠬᠢᠯᠡᠯᠲᠡ ᠶᠢᠨ ᠡᠷᠦᠬᠡ ᠰᠡᠴᠡᠩᠭᠤᠸ᠎ᠠ ᠶᠢᠨ ᠭᠡᠷ᠂ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠰᠠᠭᠤᠷᠢᠨ ᠭᠠᠵᠠᠷ᠂ ᠪᠣᠭᠳᠠ ᠠᠭᠤᠯᠠ ᠪᠠᠭᠤᠴᠠ᠂ ᠬᠥᠯᠥᠨ ᠭᠠᠴᠠᠭ᠎ᠠ ᠶᠢᠨ ᠪᠠᠶᠠᠵᠢᠯ ᠮᠠᠯᠵᠢᠯ ᠤᠨ ᠬᠤᠷᠰᠢᠶᠠᠵᠢᠯ᠂ ᠭᠧᠨᠽᠢ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠬᠦᠷᠴᠦ᠂ ᠨᠡᠶᠢᠳᠡ ᠶᠢᠨ ᠪᠣᠳᠠᠲᠤ ᠬᠦᠴᠦᠨ ᠢ ᠳᠡᠭᠡᠭᠰᠢᠯᠡᠬᠦᠯᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠦᠪᠯᠡᠷᠡᠬᠦᠯᠦᠨ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠠᠬᠢᠭᠤᠯᠬᠤ᠂ ᠭᠦᠨᠵᠡᠭᠡᠢ ᠠᠭᠤᠰᠤᠯᠴᠠᠭᠤᠯᠬᠤ ᠶᠢ ᠪᠦᠲᠦᠮᠵᠢᠲᠡᠢ ᠠᠬᠢᠭᠤᠯᠤᠭᠰᠠᠨ ᠨᠡᠶᠢᠲᠡᠯᠢᠭ ᠲᠤᠷᠰᠢᠯᠭ᠎ᠠ᠂ ᠥᠪᠡᠷᠮᠢᠴᠡ ᠣᠨᠴᠠᠯᠢᠭ ᠲᠠᠢ ᠠᠷᠭ᠎ᠠ ᠬᠢᠳᠡᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
           ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ ᠶᠢᠨ ᠦᠵᠡᠭᠦᠯᠦᠯᠭᠡ ᠶᠢᠨ ᠰᠣᠯᠢᠯᠴᠠᠭᠠᠨ ᠤ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠠᠴᠠ ᠭᠤᠤᠯᠯᠠᠨ ᠡᠷᠭᠢᠯᠡᠵᠦ᠂ ᠡᠯ᠎ᠡ ᠰᠤᠮᠤ ᠪᠠᠯᠭᠠᠰᠤ ᠡᠭᠡᠯᠵᠢᠯᠡᠨ ᠡᠷᠭᠢᠯᠡᠵᠦ᠂ 2017 ᠣᠨ ᠠᠴᠠ ᠡᠬᠢᠯᠡᠨ᠂ ᠮᠠᠨ ᠤ ᠬᠤᠰᠢᠭᠤ ᠨᠢᠭᠡᠨᠲᠡ ᠳᠥᠷᠪᠡ ᠤᠳᠠᠭ᠎ᠠ ᠠᠮᠵᠢᠯᠲᠠ ᠲᠠᠢ ᠡᠷᠭᠢᠯᠡᠵᠦ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠨ ᠰᠤᠷᠤᠯᠴᠠᠵᠤ᠂ ᠬᠠᠮᠲᠤ ᠪᠠᠷ ᠳᠡᠭᠡᠭᠰᠢᠯᠡᠬᠦ ᠳᠤ ᠰᠡᠳᠬᠢᠴᠡ ᠶᠢ ᠰᠡᠩᠬᠡᠷᠡᠭᠦᠯᠦᠨ᠂ ᠴᠢᠭᠯᠡᠯ ᠢ ᠲᠣᠳᠣᠷᠬᠠᠶᠢᠯᠠᠭᠰᠠᠨ ᠪᠠᠶᠢᠨ᠎ᠠ᠃ ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠱᠠᠭᠠᠷᠳᠠᠯᠭ᠎ᠠ ᠶᠢ ᠤᠯᠠᠮ ᠴᠢᠨᠠᠭᠰᠢᠳᠠ ᠡᠵᠡᠮᠳᠡᠵᠦ᠂ ᠰᠢᠨ᠎ᠡ ᠰᠡᠳᠬᠢᠴᠡ ᠶᠢ ᠲᠣᠳᠣᠷᠬᠠᠶᠢᠯᠠᠨ᠂ ᠨᠠᠮ ᠢ ᠴᠢᠩᠭ᠎ᠠ ᠬᠠᠮᠢᠶᠠᠷᠴᠤ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠤᠬᠠᠮᠰᠠᠷ ᠢ ᠴᠢᠩᠭᠠᠳᠬᠠᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠰᠠᠨᠠᠭᠠᠴᠢᠯᠠᠭᠠᠲᠤ ᠣᠪᠣᠷ ᠪᠠᠶᠢᠳᠠᠯ᠂ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠮᠠᠯᠵᠢᠬᠤ ᠣᠷᠣᠨ ᠤ ᠣᠳᠣᠬᠢᠴᠢᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠪᠤᠯᠤᠨ᠎ᠠ᠃
                 ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号