2021 ᠣᠨ ᠤ ᠬᠠᠶᠢᠯᠠᠷ ᠤᠨ ᠴᠢᠯᠠᠭᠤᠨ ᠲᠣᠰᠣᠨ ᠤ ᠠᠭᠤᠷᠬᠠᠶ ᠶᠢᠨ ᠦᠢᠯᠳᠪᠦᠷᠢᠯᠡᠯ ᠤᠨ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠳᠤ ᠭᠠᠵᠠᠷ ᠰᠢᠷᠣᠶ ᠲᠠᠲᠠᠪᠤᠷᠢᠯᠠᠬᠤ ᠲᠤᠬᠠᠶ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠷᠢᠳᠴᠢᠯᠠᠭᠰᠠᠨ ᠠᠯᠪᠠᠨ ᠵᠠᠷ
ᠨᠡᠶᠢᠲᠡᠯᠡᠭᠰᠡᠨ ᠴᠠᠭ᠄
2021/9/8
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ 47 ᠳ᠋ᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳ᠋ᠠᠴᠢᠩ ᠤᠨ ᠴᠢᠯᠠᠭᠤᠨ ᠲᠣᠰᠣᠨ ᠤ ᠠᠭᠤᠷᠬᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠯᠥᠨ ᠪᠤᠶᠢᠷ ᠤᠨ ᠬᠤᠪᠢᠶᠠᠷᠢ ᠺᠣᠮᠫᠠᠨᠢ ᠶᠢᠨ 2021 ᠣᠨ ᠤ ᠬᠠᠶᠢᠯᠠᠷ ᠤᠨ ᠴᠢᠯᠠᠭᠤᠨ ᠲᠣᠰᠣᠨ ᠤ ᠠᠭᠤᠷᠬᠠᠶ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠬᠡᠷᠡᠭᠴᠡᠭᠡ ᠠᠴᠠ ᠪᠣᠯᠵᠣ᠂ ᠲᠣᠰ ᠲᠥᠷᠥᠯ ᠵᠦᠢᠯ ᠤᠨ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠲᠠᠲᠠᠪᠤᠷᠢᠯᠠᠬᠤ ᠬᠤᠯᠪᠣᠭᠳᠠᠯ ᠪᠥᠬᠦᠶ ᠵᠦᠢᠯᠡᠰ ᠢ ᠤᠷᠢᠳᠴᠢᠯᠠᠨ ᠵᠠᠷᠯᠠᠨ ᠨᠡᠶᠢᠲᠡᠯᠡᠶ᠎ᠡ᠄      ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ      ᠳ᠋ᠠᠴᠢᠩ ᠤᠨ ᠴᠢᠯᠠᠭᠤᠨ ᠲᠣᠰᠣᠨ ᠤ ᠠᠭᠤᠷᠬᠠᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠯᠥᠨ ᠪᠤᠶᠢᠷ ᠳᠠᠬᠢ ᠬᠤᠪᠢᠶᠠᠷᠢ ᠺᠣᠮᠫᠠᠨᠢ ᠶᠢᠨ ᠪᠠᠶᠢᠭᠤᠯᠬᠤ ᠪᠠᠷ ᠪᠠᠶᠢᠭ᠎ᠠ 2021 ᠣᠨ ᠤ ᠬᠠᠶᠢᠯᠠᠷ ᠤᠨ ᠴᠢᠯᠠᠭᠤᠨ ᠲᠣᠰᠣᠨ ᠤ ᠠᠭᠤᠷᠬᠠᠶ ᠶᠢᠨ  ᠦᠢᠯᠡᠳᠪᠦᠷᠢᠯᠡᠯ ᠤᠨ ᠴᠢᠳᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠨᠢᠭᠡᠨᠲᠡ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ︵ᠦᠨᠡᠮᠯᠡᠯ ᠤᠨ ᠨᠣᠮᠧᠷ ᠨᠢ 0200001320010︶ ᠣᠯᠵᠤ᠂ ᠤᠯᠤᠰ ᠤᠨ ᠡᠨᠧᠷᠭᠢ ᠶᠢᠨ ᠲᠣᠪᠴᠢᠶ᠎ᠠ ᠳᠤ ᠳᠠᠩᠰᠠᠯᠠᠭᠤᠯᠪᠠ᠂ ᠲᠥᠷᠥᠯ ᠵᠦᠢᠯ ᠤᠨ ᠣᠷᠣᠯᠠᠬᠤ ᠨᠣᠮᠧᠷ ᠨᠢ 2020 — 000291 — 07 — 03 — 000950᠃ ᠲᠤᠰ ᠲᠦᠷᠦᠯ ᠵᠦᠢᠯ ᠪᠣᠯ ᠡᠨᠧᠷᠭᠢ ᠶᠢᠨ ᠰᠤᠷᠪᠤᠯᠵᠢ ᠶᠢᠨ ᠲᠦᠷᠦᠯ ᠤᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠳᠤ ᠲᠣᠭᠠᠴᠠᠭᠳᠠᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ 47 ᠳ᠋ᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠭᠠᠵᠠᠷ ᠰᠢᠷᠣᠶ ᠶᠢ ᠬᠠᠤᠯᠢ ᠶᠣᠰᠣᠭᠠᠷ ᠲᠠᠲᠠᠪᠤᠷᠢᠯᠠᠵᠤ ᠪᠣᠯᠤᠨ᠎ᠠ᠃      ᠬᠤᠶᠠᠷ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠪᠠᠶᠢᠷᠢᠯᠠᠯ᠂ ᠡᠷᠬᠡ ᠶᠢᠨ ᠬᠠᠷᠢᠶᠠᠯᠠᠯ᠂ ᠭᠠᠵᠠᠷ ᠰᠢᠷᠣᠶ ᠶᠢᠨ ᠲᠦᠷᠦᠯ ᠪᠠ ᠲᠠᠯᠠᠪᠠᠢ      ᠲᠣᠰ ᠲᠥᠷᠥᠯ ᠵᠦᠢᠯ ᠪᠤᠯ ᠠᠯᠳ᠋ᠬᠠᠮᠡᠭᠡᠯ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ ᠤ ᠬᠠᠷᠢᠶᠠᠯᠠᠯ ᠳᠠᠬᠢ ᠪᠤᠳᠢᠠᠭᠤᠯᠠ ᠭᠠᠴᠠᠭ᠎ᠠ᠂ ᠪᠠᠶᠠᠨᠲᠣᠭᠤᠷᠢᠮ ᠭᠠᠴᠠᠭ᠎ᠠ︔ ᠪᠤᠠᠠᠳᠠᠠᠭᠤᠯᠠ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠬᠠᠷᠢᠶᠠᠯᠠᠯ ᠳᠠᠬᠢ ᠪᠤᠭᠳᠠᠠᠭᠤᠯᠠ ᠭᠠᠴᠠᠭ᠎ᠠ᠂ ᠤᠷᠱᠤᠨ ᠭᠠᠴᠠᠭ᠎ᠠ᠂ ᠬᠠᠷᠠᠭᠤᠯ ᠭᠠᠴᠠᠭ᠎ᠠ︔ ᠪᠤᠶᠢᠷ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠬᠠᠷᠢᠶᠠᠯᠠᠯ ᠳᠠᠬᠢ ᠮᠡᠨᠡᠩᠳᠡᠯ᠎ᠡ ᠭᠠᠴᠠᠭ᠎ᠠ ᠵᠡᠷᠭᠡ 6 ᠬᠡᠰᠡᠭ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠳᠠᠳᠠᠪᠦᠷᠢᠯᠠᠬᠤ ᠪᠠᠷ ᠲᠦᠯᠦᠪᠯᠡᠵᠦ ᠪᠤᠢ᠂ ᠪᠣᠳᠠᠲᠠᠶ ᠬᠡᠷᠡᠭᠯᠡᠬᠦ ᠭᠠᠵᠠᠷ ᠰᠢᠷᠣᠶ ᠶᠢᠨ ᠪᠠᠶᠢᠷᠢᠰᠢᠯ ᠢ ᠵᠥᠪᠰᠢᠶᠡᠷᠡᠭᠰᠡᠨ ᠵᠠᠭᠠᠭ ᠱᠤᠭᠤᠮ ᠤᠨ ᠵᠢᠷᠤᠭ ᠢᠶᠠᠷ ᠪᠠᠷᠢᠮᠵᠢᠶ᠎ᠠ ᠪᠣᠯᠭᠠᠨ᠎ᠠ᠃        ᠭᠤᠷᠪᠠ᠂ ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠶᠢ ᠦᠷᠨᠢᠬᠦᠯᠬᠦ      ᠲᠣᠰ ᠤᠷᠢᠳᠴᠢᠯᠠᠭᠰᠠᠨ ᠵᠠᠷ ᠢ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ ᠶᠢᠨ ᠣᠳᠣᠬᠢ ᠪᠠᠶᠢᠳᠠᠯ ᠢ ᠪᠠᠶᠢᠴᠠᠭᠠᠨ ᠨᠤᠲᠠᠯᠠᠬᠤ ᠠᠵᠢᠯ ᠢ ᠥᠷᠨᠢᠭᠦᠯᠵᠦ᠂ ᠭᠤᠤᠯᠳᠠᠭᠤ ᠭᠠᠵᠠᠷ ᠰᠢᠷᠣᠶ ᠶᠢᠨ ᠣᠷᠣᠨ ᠪᠠᠶᠢᠷᠢ᠂ ᠡᠷᠬᠡ ᠶᠢᠨ ᠬᠠᠷᠢᠶᠠᠯᠠᠯ᠂ ᠭᠠᠵᠠᠷ ᠰᠢᠷᠣᠶ ᠶᠢᠨ ᠲᠥᠷᠥᠯ ᠵᠦᠢᠯ᠂ ᠲᠠᠯᠠᠪᠠᠶ ᠵᠢᠴᠢ ᠭᠠᠴᠠᠭᠠᠨ ᠤ ᠮᠠᠯᠴᠢᠨ ᠲᠠᠷᠢᠶᠠᠴᠢᠨ ᠤ ᠣᠷᠣᠨ ᠰᠠᠭᠤᠴᠠ ᠵᠢᠴᠢ ᠪᠤᠰᠤᠳ ᠭᠠᠵᠠᠷ ᠳᠡᠭᠡᠷᠡᠬᠢ ᠳᠠᠭᠠᠯᠲᠠ ᠪᠣᠳᠠᠰ ᠪᠠ ᠲᠠᠷᠢᠶᠠᠨ ᠴᠢᠬᠢ ᠵᠡᠷᠭᠡ ᠶᠢᠨ ᠡᠷᠬᠡ ᠶᠢᠨ ᠬᠠᠷᠢᠶᠠᠯᠠᠯ᠂ ᠲᠥᠷᠥᠯ ᠵᠦᠢᠯ᠂ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠪᠠᠶᠢᠴᠠᠭᠠᠨ ᠳᠣᠲᠣᠯᠠᠨ᠎ᠠ᠃ ᠲᠠᠲᠠᠪᠤᠷᠢᠯᠠᠬᠤ ᠪᠠᠷ ᠪᠠᠶᠢᠭ᠎ᠠ ᠬᠡᠪᠴᠢᠶᠡᠨ ᠳᠠᠬᠢ ᠭᠠᠵᠠᠷ ᠰᠢᠷᠣᠶ ᠶᠢᠨ ᠥᠮᠴᠢᠯᠡᠯ ᠤᠨ ᠡᠷᠬᠡ᠂ ᠬᠡᠷᠡᠭᠯᠡᠬᠦ ᠡᠷᠬᠡ ᠵᠡᠷᠭᠡ ᠪᠠᠶᠢᠳᠠᠯ ᠳᠤ ᠪᠠᠶᠢᠴᠠᠭᠠᠯᠲᠠ ᠬᠢᠬᠦ ᠳᠤ ᠬᠤᠯᠪᠣᠭᠳᠠᠬᠤ ᠬᠤᠯᠪᠣᠭᠳᠠᠯ ᠪᠦᠬᠦᠢ ᠨᠢᠭᠡᠴᠡ ᠪᠠ ᠬᠤᠪᠢ ᠬᠥᠮᠦᠨ ᠲᠡᠮᠵᠢᠵᠦ ᠬᠠᠮᠵᠢᠯᠴᠠᠬᠤ ᠬᠡᠷᠡᠭᠲᠡᠶ᠃        ᠲᠦᠷᠪᠡ᠂ ᠭᠠᠵᠠᠷ ᠰᠢᠷᠣᠶ ᠳᠠᠳᠠᠪᠦᠷᠢᠯᠠᠬᠤ ᠲᠥᠯᠥᠪᠦᠷᠢ ᠶᠢᠨ ᠪᠠᠷᠢᠮᠵᠢᠶ᠎ᠠ      ᠭᠠᠵᠠᠷ ᠰᠢᠷᠣᠶ ᠳᠠᠳᠠᠪᠦᠷᠢᠯᠠᠬᠤ ᠭᠠᠵᠠᠷ ᠰᠢᠷᠣᠶ ᠶᠢᠨ ᠲᠥᠯᠥᠪᠦᠷᠢ ᠶᠢᠨ ᠪᠠᠷᠢᠮᠵᠢᠶ᠎ᠠ ᠶᠢ ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠳᠠᠳᠠᠪᠦᠷᠢᠯᠠᠬᠤ ᠬᠡᠰᠡᠭ ᠤᠨ ᠶᠡᠷᠦᠩᠭᠡᠢ ᠭᠠᠵᠠᠷ ᠤᠨ ᠦᠨ᠎ᠡ ᠶᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠶᠣᠰᠣᠭᠠᠷ ᠬᠡᠷᠡᠭᠵᠢᠭᠦᠯᠦᠨ᠎ᠡ᠃      ᠲᠠᠪᠤ᠂ ᠪᠤᠰᠤᠳ ᠵᠦᠢᠯ ᠤᠳ      ᠲᠣᠰ ᠠᠯᠪᠠᠨ ᠵᠠᠷ ᠢ ᠪᠠᠭᠤᠯᠭᠠᠭᠰᠠᠨ ᠡᠳᠦᠷ ᠠᠴᠠ ᠡᠬᠢᠯᠡᠨ᠂ ᠶᠠᠮᠠᠷᠪᠠ ᠨᠢᠭᠡᠴᠡ ᠪᠠ ᠬᠤᠪᠢ ᠬᠥᠮᠦᠨ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠬᠡᠪᠴᠢᠶᠡᠨ ᠳᠣᠲᠣᠷ᠎ᠠ ᠵᠠᠪᠳᠤᠨ ᠠᠴᠢᠶᠠᠯᠠᠵᠤ ᠵᠠᠪᠳᠤᠨ ᠪᠠᠶᠢᠭᠤᠯᠵᠤ ᠪᠣᠯᠬᠤ ᠥᠬᠡᠶ︔ ᠲᠣᠭᠲᠠᠭᠠᠯ ᠠᠴᠠ ᠵᠥᠷᠢᠴᠡᠨ ᠵᠠᠪᠳᠤᠨ ᠠᠴᠢᠶᠠᠯᠠᠵᠤ ᠵᠠᠪᠳᠤᠨ ᠪᠠᠶᠢᠭᠤᠯᠤᠭᠰᠠᠨ ᠪᠠᠶᠢᠪᠠᠯ᠂ ᠵᠠᠪᠳᠤᠨ ᠠᠴᠢᠶᠠᠯᠠᠵᠤ ᠵᠠᠪᠳᠤᠨ ᠪᠠᠶᠢᠭᠤᠯᠤᠭᠰᠠᠨ ᠬᠡᠰᠡᠭ ᠲᠤ ᠴᠥᠮ ᠲᠥᠯᠥᠪᠦᠷᠢ ᠥᠭᠬᠦ ᠦᠭᠡᠢ᠃      ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠳᠤ ᠬᠤᠯᠪᠣᠭᠳᠠᠪᠠᠯ᠂ ᠲᠣᠰ ᠤᠳᠠᠭᠠᠨ ᠤ ᠭᠠᠵᠠᠷ ᠰᠢᠷᠣᠶ ᠲᠠᠲᠠᠪᠤᠷᠢᠯᠠᠬᠤ ᠠᠵᠢᠯ ᠳᠤ ᠣᠨᠳᠣᠤ ᠰᠠᠨᠠᠯ ᠲᠠᠢ ᠪᠠᠶᠢᠪᠠᠯ᠂ ᠤᠷᠢᠳᠴᠢᠯᠠᠨ ᠵᠠᠷᠯᠠᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠢᠴᠢᠭ ᠢᠶᠠᠷ ᠰᠠᠨᠠᠯ ᠢᠶᠠᠨ ᠳᠤᠷᠠᠳᠴᠤ ᠪᠣᠯᠤᠨ᠎ᠠ᠃                                    2021 ᠣᠨ ᠤ 8 ᠰᠠᠷ᠎ᠠ ᠶᠢᠨ 24 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号