ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠣᠤᠷ᠎ᠠ ᠣᠷᠣᠯᠭ᠎ᠠ ᠲᠠᠢ ᠬᠥᠮᠦᠨ ᠠᠮᠠ ᠶᠢ ᠵᠢᠠᠠᠰᠠᠭᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/8
       ᠳᠣᠤᠷ᠎ᠠ ᠣᠷᠣᠯᠭ᠎ᠠ ᠲᠠᠢ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠶᠢ ᠦᠨᠡᠨ ᠬᠦ ᠴᠢᠩᠭᠠᠳᠬᠠᠨ᠂ ᠲᠡᠰ ᠳᠠᠪᠬᠤᠷᠭ᠎ᠠ ᠪᠠ ᠲᠦᠷᠦᠯ ᠬᠤᠪᠢᠶᠠᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠳᠤᠯᠠᠬᠤ ᠶᠢᠨ ᠲᠦᠯᠦᠭᠡ ᠂ 9 ᠰᠠᠷ᠎ᠠ ᠶᠢᠨ 6 ᠤ ᠡᠳᠦᠷ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠣᠤᠷ᠎ᠠ ᠣᠷᠣᠯᠭ᠎ᠠ ᠲᠠᠢ ᠬᠥᠮᠦᠨ ᠠᠮᠠ ᠶᠢ ᠵᠢᠠᠠᠰᠠᠭᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃
               ᠬᠤᠷᠠᠯ ᠳᠤ᠂ ᠣᠳᠣᠬᠢ ᠱᠠᠲᠤᠨ ᠤ ᠳᠣᠤᠷ᠎ᠠ ᠣᠷᠣᠯᠭ᠎ᠠ ᠲᠠᠢ ᠡᠷᠦᠬᠡ ᠪᠠᠷ ᠤᠷᠤᠵᠦ ᠵᠢᠠᠠᠰᠠᠭᠠᠨ ᠪᠠᠶᠢᠴᠠᠭᠠᠯᠳᠠ ᠬᠢᠬᠦ ᠠᠵᠢᠯ ᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ᠂ ᠳᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠪᠠᠶᠢᠷᠢᠯᠠᠭᠤᠯᠤᠨ ᠳᠤᠬᠢᠷᠠᠭᠤᠯᠪᠠ᠃ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠪᠠ ᠬᠥᠯᠥᠨ ᠪᠤᠶᠢᠷ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽ᠳᠣᠤᠷ᠎ᠠ ᠣᠷᠣᠯᠭ᠎ᠠ ᠲᠠᠢ ᠬᠥᠮᠦᠨ ᠠᠮᠠ ᠶᠢ ᠵᠢᠠᠠᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠪᠠ᠃
           ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠱᠠᠲᠤ ᠱᠠᠲᠤ ᠪᠠᠷ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠣᠤᠷ᠎ᠠ ᠣᠷᠣᠯᠭ᠎ᠠ ᠲᠠᠢ ᠬᠥᠮᠦᠨ ᠠᠮᠠ ᠶᠢᠨ ᠪᠠᠶᠢᠳᠠᠯ ᠢ ᠪᠠᠶᠢᠴᠠᠭᠠᠨ ᠬᠡᠮᠵᠢᠬᠦ ᠮᠡᠳᠡᠭᠡ ᠵᠠᠩᠭᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠳᠦᠷ ᠠᠳᠬᠤᠵᠦ᠂ ᠳᠣᠤᠷ᠎ᠠ ᠣᠷᠣᠯᠭ᠎ᠠ ᠲᠠᠢ ᠬᠥᠮᠦᠨ ᠠᠮᠠ ᠶᠢᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠣᠨᠣᠪᠴᠢᠲᠠᠶ ᠡᠵᠡᠮᠰᠢᠨ᠂ ᠳᠣᠤᠷ᠎ᠠ ᠣᠷᠣᠯᠭ᠎ᠠ ᠲᠠᠢ ᠬᠥᠮᠦᠨ ᠠᠮᠠ ᠶᠢᠨ ᠡᠷᠦᠬᠡ ᠪᠠᠷ ᠤᠷᠤᠵᠦ ᠰᠤᠷᠪᠤᠯᠵᠢᠯᠠᠬᠤ ᠪᠠ ᠵᠢᠠᠠᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠯᠠᠨ ᠲᠦᠮᠡᠨ ᠤ ᠲᠡᠩᠬᠡᠷᠡᠭᠦᠯᠦᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠤᠶᠢᠯᠠᠭᠠᠨ᠂ ᠪᠣᠳᠠᠲᠠᠶ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠳᠣᠤᠷ᠎ᠠ ᠣᠷᠣᠯᠭ᠎ᠠ ᠲᠠᠢ ᠬᠥᠮᠦᠨ ᠠᠮᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠬᠤᠷᠢᠶᠠᠩᠭᠤᠶᠢᠯᠠᠬᠤ ᠶᠢ ᠦᠨᠡᠨᠬᠦ ᠰᠠᠶᠢᠲᠤᠷ ᠬᠢᠵᠦ᠂ ᠲᠠᠷᠠᠭᠠᠴᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠣᠷᠣᠭᠤᠯᠬᠤ ᠴᠠᠭ ᠲᠤᠬᠠᠶ ᠶᠢᠨ ᠴᠢᠨᠠᠷ᠂ ᠣᠨᠣᠪᠴᠢᠲᠤ ᠴᠢᠨᠠᠷ᠂ ᠨᠢᠭᠡᠳᠦᠯᠳᠡᠢ ᠪᠠᠶᠢᠬᠤ ᠴᠢᠨᠠᠷ ᠢ ᠦᠨᠡᠨᠬᠦ ᠪᠠᠳᠤᠯᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠱᠠᠲᠤ ᠬᠤᠪᠢᠶᠠᠨ ᠲᠥᠷᠥᠯ ᠠᠩᠬᠢᠯᠠᠨ ᠲᠡᠩᠬᠡᠷᠡᠭᠦᠯᠦᠨ ᠲᠤᠰᠠᠯᠠᠬᠤ ᠳᠤ ᠦᠨᠳᠦᠰᠦᠯᠡᠯ ᠬᠠᠩᠭᠠᠵᠤ ᠂ ᠳᠣᠤᠷ᠎ᠠ ᠣᠷᠣᠯᠭ᠎ᠠ ᠲᠠᠢ ᠬᠦᠴᠢᠷᠳᠡᠯᠲᠡᠶ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ᠃
                                         ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号