ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ﹇2022﹈ 1 ᠳ᠋ᠦ᠋ᠭᠡᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2022/1/10
     ᠣᠶᠢᠷ᠎ᠠ ᠳᠤ ᠲᠢᠶᠠᠨᠵᠢᠨ ᠬᠤᠲᠠ᠂ ᠾᠧᠨᠠᠨ ᠮᠤᠵᠢ ᠵᠡᠷᠭᠡ ᠭᠠᠵᠠᠷ ᠤᠨ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠰᠢᠨ᠎ᠡ ᠡᠪᠡᠳᠴᠢᠨ ᠤ ᠵᠢᠱᠢᠶ᠎ᠡ ᠬᠡᠰᠡᠭ ᠪᠤᠰᠠᠭ ᠢᠶᠠᠷ ᠢᠯᠡᠷᠡᠵᠦ ᠪᠠᠶᠢᠬᠤ ᠶᠢᠨ ᠬᠠᠮᠲᠤ᠂ ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠥᠷᠭᠡᠨ ᠣᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠣᠳᠣᠯᠣᠨ ᠲᠣᠭᠲᠠᠭᠠᠬᠤ ᠪᠠᠷ ᠳᠠᠮᠵᠢᠨ᠂ ᠣᠳᠤ ᠬᠤᠯᠪᠣᠭᠳᠠᠯ ᠪᠥᠬᠦᠶ ᠵᠦᠢᠯᠡᠰ ᠢ ᠳᠣᠣᠷ᠎ᠠ ᠵᠠᠷᠯᠠᠶ᠎ᠠ᠄      ᠨᠢᠭᠡ᠂ 2021 ᠣᠨ ᠤ 12 ᠰᠠᠷ᠎ᠠ ᠶᠢᠨ 25 ᠤ ᠡᠳᠦᠷ ᠠᠴᠠ ᠨᠠᠰᠢ ᠲᠢᠶᠠᠨᠵᠢᠨ ᠬᠤᠲᠠ ᠶᠢᠨ ᠶᠢᠨ ᠨᠠᠨ ᠲᠣᠭᠤᠷᠢᠭ᠂ ᠨᠠᠨ ᠺᠠᠶ ᠲᠣᠭᠤᠷᠢᠭ ᠪᠠ ᠾᠧᠨᠠᠨ ᠮᠤᠵᠢ ᠶᠢᠨ ᠰᠢᠦᠢ ᠴᠠᠩ ᠬᠤᠲᠠ᠂ ᠵᠧᠩᠵᠧᠤ ᠬᠤᠲᠠ᠂ ᠯᠦᠸᠧᠶᠠᠩ ᠬᠤᠲᠠ ᠵᠡᠷᠭᠡ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠬᠤᠶᠠᠷ᠂ ᠲᠣᠰ ᠡᠳᠦᠷ ᠠᠴᠠ ᠡᠬᠢᠯᠡᠨ ᠲᠢᠶᠠᠨᠵᠢᠨ ᠬᠤᠲᠠ᠂ ᠾᠧᠨᠠᠨ ᠮᠤᠵᠢ ᠵᠡᠷᠭᠡ ᠭᠠᠵᠠᠷ ᠠᠴᠠ ᠪᠤᠰᠤᠳ ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ 48 ᠴᠠᠭ ᠤᠨ ᠳᠣᠲᠣᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ᠂ ︽14 ᠡᠳᠦᠷ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ ᠪᠠᠶᠢᠴᠠᠭᠠᠨ ᠬᠡᠮᠵᠢᠯᠲᠡ ᠬᠢᠬᠦ + 2 ᠤᠳᠠᠭ᠎ᠠ ᠶᠢᠨ ᠪᠦᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠡᠷᠡᠴᠢ ᠬᠠᠩᠭᠠᠵᠤ ᠳᠡᠶᠢᠯᠬᠦ ᠥᠬᠡᠶ ᠪᠣᠯ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ᠭᠤᠷᠪᠠ᠂ ᠡᠯ᠎ᠡ ᠰᠤᠮᠤ ᠪᠠᠯᠭᠠᠰᠤ᠂ ᠡᠯ᠎ᠡ ᠨᠢᠭᠡᠴᠡ ᠶᠢᠨ ᠬᠢᠨ 2021 ᠣᠨ ᠤ 12 ᠰᠠᠷ᠎ᠠ ᠶᠢᠨ 25 ᠤ ᠡᠳᠦᠷ ᠠᠴᠠ ᠨᠠᠰᠢ ᠲᠢᠶᠠᠨᠵᠢᠨ ᠬᠤᠲᠠ᠂ ᠾᠧᠨᠠᠨ ᠮᠤᠵᠢ ᠶᠢᠨ ᠰᠢᠦᠢ ᠴᠠᠩ᠂ ᠵᠧᠩᠵᠧᠤ᠂ ᠯᠦᠸᠧᠶᠠᠩ ᠳᠤ ᠵᠢᠭᠤᠯᠴᠢᠯᠠᠵᠤ ᠰᠠᠭᠤᠭᠰᠠᠨ ᠲᠡᠤᠬᠡ ᠲᠠᠢ ᠬᠥᠮᠦᠰ ᠢ ᠳᠠᠷᠤᠶ ᠲᠦᠷᠭᠡᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠪᠤᠴᠠᠵᠤ ᠢᠷᠡᠭᠰᠡᠳ ᠲᠡᠷᠡ ᠳᠠᠷᠤᠶ ᠳᠤᠨᠢ ᠪᠠᠶᠢᠭ᠎ᠠ ᠨᠡᠶᠢᠭᠡᠮ ᠲᠣᠭᠤᠷᠢᠭ᠂ ᠨᠢᠭᠡᠴᠡ ᠳᠡᠭᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠬᠠᠮᠵᠢᠯᠴᠠᠨ ᠵᠢᠭᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠵᠡᠷᠭᠡ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠤᠨ ᠳᠠᠯᠳᠠᠯᠠᠵᠤ ᠮᠡᠳᠡᠭᠦᠯᠬᠦ ᠥᠬᠡᠶ ᠠᠴᠠ ᠪᠣᠯᠵᠣ ᠬᠢᠵᠢᠭ ᠤᠨ ᠪᠠᠶᠢᠳᠠᠯ ᠢ ᠲᠠᠷᠬᠠᠭᠠᠨ ᠳᠡᠯᠭᠡᠷᠡᠭᠦᠯᠦᠭᠰᠡᠨ ᠪᠠᠶᠢᠪᠠᠯ ᠲᠤᠬᠠᠶ ᠶᠢᠨ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡ᠂ ᠬᠤᠪᠢ ᠶᠢᠨ ᠡᠮᠴᠢᠯᠡᠭᠡᠨ ᠤ ᠭᠠᠵᠠᠷ᠂ ᠰᠢᠲᠠᠷ᠎ᠠ ᠶᠢᠨ ᠥᠷᠥᠭᠡ᠂ ᠴᠢᠴᠢᠭᠦᠷ ᠪᠥᠮᠪᠦᠭᠡ ᠶᠢᠨ ᠲᠢᠩᠬᠢᠮ᠂ ᠠᠷᠢᠬᠢᠨ ᠪᠠᠭᠠᠷ᠂ ᠰᠦᠯᠵᠢᠶᠡᠨ ᠪᠠᠭᠠᠷ᠂ KTV᠂ ᠺᠢᠨᠣ᠋ ᠶᠢᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠠᠯᠠᠪᠤᠷ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠡᠩᠰᠡᠯᠡᠨ ᠲᠡᠮᠳᠡᠭᠯᠡᠬᠦ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠪᠠᠶᠢᠳᠠᠯ ᠳᠣᠤᠷ᠎ᠠ ᠡᠮᠬᠢ ᠵᠢᠷᠤᠮ ᠲᠠᠢ ᠪᠠᠷ ᠨᠡᠭᠡᠭᠡᠵᠦ᠂ ᠬᠢᠵᠢᠭ ᠢ ᠰᠡᠷᠭᠡᠶᠢᠯᠡᠬᠦ ᠬᠢᠨᠠᠯᠲᠠ ᠲᠠᠯᠪᠢᠭᠴᠢ ᠪᠠ ᠠᠷᠢᠭᠤᠳᠬᠠᠬᠤ ᠲᠤᠰᠬᠠᠶ ᠠᠵᠢᠯᠲᠠᠳ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠡᠷᠦᠩᠬᠡᠶ ᠭᠥᠯᠢᠶᠡᠨ ᠠᠪᠬᠤ ᠬᠡᠮᠵᠢᠶ᠎ᠡ ᠶᠢᠨ 50% ᠪᠠᠷ ᠬᠢᠵᠠᠭᠠᠷᠯᠠᠨ᠎ᠠ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠨᠥᠬᠦᠴᠡᠯ ᠳᠤ ᠨᠡᠶᠢᠴᠡᠭᠰᠡᠨ ᠭᠠᠵᠠᠷ ᠤᠨ ᠡᠵᠡᠩᠨᠡᠯᠲᠡ ᠬᠢᠬᠦ ᠶᠢ ᠵᠥᠪᠰᠢᠶᠡᠷᠡᠨ᠎ᠡ᠃      ᠲᠠᠪᠤ᠂ ᠥᠷᠭᠡᠨ ᠤᠯᠠᠨ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠰᠠᠨᠠᠭᠤᠯᠬᠤ ᠬᠡᠷᠡᠭᠲᠡᠶ᠃ ᠬᠥᠮᠦᠨ ᠣᠯᠠᠨ ᠴᠤᠭᠯᠠᠷᠠᠭᠰᠠᠨ ᠨᠢᠭᠲᠠ ᠪᠢᠲᠡᠭᠦᠮᠵᠢᠯᠡᠭᠰᠡᠨ ᠭᠠᠵᠠᠷ ᠲᠤ ᠣᠷᠣᠬᠤ ᠳᠠᠭᠠᠨ ᠠᠮᠠᠪᠴᠢ ᠵᠡᠭᠦᠵᠦ᠂ ᠪᠤᠰᠤᠳ ᠬᠥᠮᠦᠨ ᠲᠠᠢ ᠵᠣᠬᠢᠬᠤ ᠵᠠᠶ ᠲᠠᠢ ᠪᠠᠶᠢᠬᠤ ᠬᠡᠷᠡᠭᠲᠡᠶ᠃      ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠣᠶᠢᠷ᠎ᠠ ᠶᠢᠨ ᠬᠤᠭᠤᠴᠠᠭᠠᠨ ᠳᠤ ᠣᠨᠴᠠᠭᠠᠶ ᠪᠠᠶᠢᠳᠠᠯ ᠥᠬᠡᠶ ᠪᠣᠯ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠣᠴᠢᠬᠤ ᠦᠭᠡᠢ ᠪᠠᠶᠢᠵᠤ᠂ ᠦᠨᠡᠨᠬᠦ ᠣᠴᠢᠬᠤ ᠴᠢᠬᠤᠯᠠᠲᠠᠶ ᠪᠣᠯ ᠬᠤᠪᠢ ᠬᠥᠮᠦᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃ ᠪᠤᠴᠠᠵᠤ ᠢᠷᠡᠭᠰᠡᠨ ᠤ ᠳᠠᠷᠠᠭ᠎ᠠ ᠬᠠᠮᠤᠭ ᠤᠨ ᠲᠡᠷᠢᠭᠦᠨ ᠳᠤ ᠪᠠᠶᠢᠭ᠎ᠠ ᠨᠢᠭᠡᠴᠡ᠂ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃      ᠳᠣᠯᠤᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠬᠠᠯᠳᠠᠪᠤᠷᠢᠯᠠᠯ ᠢ ᠰᠡᠷᠭᠡᠶᠢᠯᠡᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢᠯᠠᠯ ᠢ ᠬᠤᠷᠢᠭᠯᠠᠬᠤ ᠬᠠᠮᠤᠭ ᠤᠨ ᠲᠥᠬᠦᠮ᠂ ᠬᠠᠮᠤᠭ ᠤᠨ ᠰᠢᠭᠤᠳ ᠠᠷᠭ᠎ᠠ ᠪᠠᠷᠢᠯ ᠮᠥᠨ᠃ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠰ ᠲᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ ᠢᠳᠡᠪᠬᠢᠲᠡᠶ ᠳᠠᠷᠢᠵᠤ᠂ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠴᠤ᠂ ᠭᠥᠯᠢᠶᠡᠨ ᠠᠪᠴᠤ ᠳᠡᠶᠢᠯᠬᠦ ᠶᠢ ᠨᠢ ᠵᠠᠪᠠᠯ ᠭᠥᠯᠢᠶᠡᠨ ᠠᠪᠴᠤ︾᠂ ᠣᠯᠠᠨ ᠲᠦᠮᠡᠨ ᠤ ᠡᠪᠡᠳᠴᠢᠨ ᠢ ᠡᠰᠡᠷᠭᠦᠴᠡᠬᠦ ︽ᠣᠷᠳᠣ ᠴᠠᠭᠠᠨ ᠬᠡᠷᠡᠮ︾ ᠢ ᠬᠠᠮᠲᠤ ᠪᠠᠷ ᠪᠠᠲᠤ ᠴᠣᠭᠴᠠᠯᠠᠬᠤ ᠬᠡᠷᠡᠭᠲᠡᠢ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                         2022 ᠣᠨ ᠤ 1 ᠰᠠᠷ᠎ᠠ ᠶᠢᠨ 9 ᠤ ᠡᠳᠦᠢ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号