ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠬᠤᠶᠠᠳᠤᠭᠠᠷ ᠤᠳᠠᠭᠠᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/10
     1 ᠰᠠᠷ᠎ᠠ ᠶᠢᠨ 9 ᠤ ᠡᠳᠦᠷ᠂ ᠦᠨᠳᠦᠰᠦᠲᠡᠨ ᠤ ᠰᠣᠶᠣᠯ ᠤᠨ ᠲᠥᠪ ᠲᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠶᠠᠳᠤᠭᠠᠷ ᠤᠳᠠᠭᠠᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠵᠢᠶᠠ ᡁᠢ ᠺᠦᠶ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠦᠷᠭᠡᠨ ᠬᠤᠷᠠᠯ ᠳᠤ ᠣᠷᠣᠯᠴᠠᠵᠠᠶ᠃
     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠪᠦᠬᠦ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠨᠠᠷ ᠲᠥᠪ ᠴᠢᠩᠭ᠎ᠠ ᠪᠠᠷ ᠲᠠᠩᠭᠠᠷᠢᠭᠯᠠᠪᠠ᠃
     ᠵᠢᠶᠠ ᡁᠢ ᠺᠦᠢ ᠴᠢᠬᠤᠯᠠᠴᠢᠯᠠᠭᠰᠠᠨ ᠨᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 2021 ᠣᠨ ᠤ ᠠᠵᠢᠯ ᠤᠨ ᠬᠢᠷᠢ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ᠂ ᠪᠦᠬᠦ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠨᠠᠷ ᠢ ᠵᠣᠷᠢᠭᠵᠢᠭᠤᠯᠤᠨ ᠰᠢ ᠶᠢᠨ ᠫᠢᠩ ᠤᠨ ᠬᠠᠥᠯᠢ ᠪᠠᠷ ᠵᠠᠰᠠᠬᠤ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠢᠮᠠᠭᠲᠠ ᠪᠠᠷᠢᠮᠲᠠᠯᠠᠨ᠂ ᠨᠠᠮ ᠤᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ︽ᠲᠦᠷᠪᠡᠨ ᠲᠡᠮᠤᠷ ᠮᠡᠲᠦ ᠬᠠᠲᠠᠭᠤ ᠡᠭᠦᠷᠭᠡᠯᠡᠯ︾ ᠢᠶᠠᠷ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ ᠤᠭᠲᠤᠬᠤ ᠬᠡᠷᠡᠭᠲᠡᠢ᠃      ᠶᠡᠭᠡ ᠬᠤᠷᠠᠯ ᠠᠴᠠ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP︾ ᠶᠢ ᠳᠡᠯᠭᠡᠷᠡᠭᠦᠯᠬᠦ ᠠᠵᠢᠯ ᠤᠨ ᠲᠡᠷᠢᠭᠦᠨ ᠤ ᠬᠠᠮᠲᠤ ᠨᠢᠭᠡᠴᠡ᠂ ᠲᠡᠷᠢᠭᠦᠨ ᠤ ᠬᠤᠪᠢ ᠬᠥᠮᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠡᠷᠢᠭᠦᠨ ᠤ ᠬᠤᠪᠢ ᠬᠥᠮᠦᠨ ᠵᠡᠷᠭᠡ ᠶᠢ ᠬᠥᠬᠢᠭᠦᠯᠦᠨ ᠱᠠᠩᠨᠠᠪᠠ᠃
     ᠬᠤᠷᠠᠯ ᠳᠡᠭᠡᠷ᠎ᠡ᠂ ᠪᠥᠬᠦ ᠬᠥᠮᠦᠰ ᠬᠠᠮᠲᠤ ᠪᠠᠷ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠰᠢᠨ᠎ᠡ ᠠᠶᠠᠨ ᠢ ᠬᠠᠮᠠᠭᠠᠯᠠᠶ᠎ᠠ︾ ᠭᠡᠬᠦ ᠬᠠᠷᠢᠭᠤ ᠮᠡᠳᠡᠭᠦᠯᠦᠯᠲᠡ ᠶᠢᠨ ᠹᠢᠯᠢᠮ ᠢ ᠦᠵᠡᠵᠦ᠂ ᠨᠢᠭᠡ ᠵᠢᠯ ᠤᠨ ᠲᠤᠷᠰᠢᠬᠢ ᠡᠷᠡᠯᠬᠡᠭᠯᠡᠨ ᠤᠷᠤᠭᠰᠢᠯᠠᠭᠰᠠᠨ ᠪᠠ ᠭᠤᠶᠢᠳᠠ ᠰᠠᠶᠢᠬᠠᠨ ᠢ ᠡᠷᠭᠢᠴᠡᠭᠦᠯᠵᠦ᠂ ᠡᠨᠡᠬᠦ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠤᠷᠠᠰᠤᠮᠵᠢ ᠶᠢ ᠬᠡᠷᠡᠯ ᠵᠢᠷᠤᠭ ᠢᠶᠠᠷ ᠨᠠᠨᠳᠢᠩᠨᠠᠨ ᠬᠠᠳᠠᠭᠠᠯᠠᠵᠤ᠂ ᠰᠢᠨ᠎ᠡ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠡᠨᠴᠢ ᠰᠢᠳᠤᠷᠭᠤ ᠪᠠ ᠬᠠᠷᠢᠭᠤᠴᠠᠯᠭ᠎ᠠ ᠶᠢ ᠭᠡᠷᠡᠴᠢᠯᠡᠪᠡ᠃ ᠤᠯᠠᠨ ᠢᠶᠠᠷ ᠢᠶᠠᠨ ᠬᠤᠶᠠᠳᠤᠭᠠᠷ ᠤᠳᠠᠭᠠᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠴᠠᠭᠳᠠᠭ᠎ᠠ ᠶᠢᠨ ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠲᠦᠮᠡᠨ ᠤ ᠠᠮᠤᠷ ᠲᠣᠭᠲᠠᠭᠤᠨ ᠢ ᠦᠨᠡᠨᠬᠦ ᠪᠠᠲᠤᠯᠠᠵᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠨᠤᠭᠤᠷᠠᠰᠢ ᠦᠭᠡᠢ ᠲᠠᠶᠢᠴᠢᠨ ᠵᠣᠷᠢᠭ ᠢᠶᠠᠷ ᠡᠭᠦᠷᠭᠡᠯᠡᠵᠦ ᠪᠠᠶᠢᠭ᠎ᠠ ᠲᠠᠷᠬᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ ᠭᠡᠵᠦ ᠢᠯᠡᠳᠬᠡᠵᠡᠭᠡᠪᠡ᠃
                                     ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号