ᠣᠶᠢᠷ᠎ᠠ ᠳᠤ ᠲᠢᠶᠠᠨᠵᠢᠨ ᠬᠤᠲᠠ᠂ ᠾᠧᠨᠠᠨ ᠮᠤᠵᠢ ᠵᠡᠷᠭᠡ ᠭᠠᠵᠠᠷ ᠤᠨ ᠠᠭᠤᠰᠬᠢᠨ ᠦᠷᠪᠢᠰᠦᠯ ᠢᠶᠠᠷ | ᠣᠨᠣᠰᠢᠯᠠᠭᠰᠠᠨ ᠰᠢᠨ᠎ᠡ ᠡᠪᠡᠳᠴᠢᠨ ᠤ ᠵᠢᠱᠢᠶ᠎ᠡ ᠬᠡᠰᠡᠭ ᠪᠤᠰᠠᠭ ᠢᠶᠠᠷ ᠢᠯᠡᠷᠡᠵᠦ ᠪᠠᠶᠢᠬᠤ ᠶᠢᠨ ᠬᠠᠮᠲᠤ᠂ ᠴᠠᠭᠠᠨ ᠰᠠᠷ᠎ᠠ | ᠣᠶᠢᠷᠠᠳᠬᠤ ᠶᠢ ᠳᠠᠭᠠᠯᠳᠤᠨ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠵᠦ᠂ ᠥᠷᠭᠡᠨ ᠣᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠤᠬᠠᠮᠰᠠᠷ ᠢ | ᠳᠡᠭᠡᠭᠰᠢᠯᠡᠭᠦᠯᠬᠦ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠣᠳᠣᠯᠣᠨ | ᠲᠣᠭᠲᠠᠭᠠᠬᠤ ᠪᠠᠷ ᠳᠠᠮᠵᠢᠨ᠂ ᠣᠳᠤ ᠬᠤᠯᠪᠣᠭᠳᠠᠯ ᠪᠥᠬᠦᠶ ᠵᠦᠢᠯᠡᠰ ᠢ ᠳᠣᠣᠷ᠎ᠠ ᠵᠠᠷᠯᠠᠶ᠎ᠠ᠄ | ᠨᠢᠭᠡ᠂ 2021 ᠣᠨ ᠤ 12 ᠰᠠᠷ᠎ᠠ ᠶᠢᠨ 25 ᠤ ᠡᠳᠦᠷ ᠠᠴᠠ ᠨᠠᠰᠢ ᠲᠢᠶᠠᠨᠵᠢᠨ ᠬᠤᠲᠠ ᠶᠢᠨ ᠶᠢᠨ ᠨᠠᠨ | ᠲᠣᠭᠤᠷᠢᠭ᠂ ᠨᠠᠨ ᠺᠠᠶ ᠲᠣᠭᠤᠷᠢᠭ ᠪᠠ ᠾᠧᠨᠠᠨ ᠮᠤᠵᠢ ᠶᠢᠨ ᠰᠢᠦᠢ ᠴᠠᠩ ᠬᠤᠲᠠ᠂ ᠵᠧᠩᠵᠧᠤ ᠬᠤᠲᠠ᠂ ᠯᠦᠸᠧᠶᠠᠩ | ᠬᠤᠲᠠ ᠵᠡᠷᠭᠡ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ | ᠢᠷᠡᠭᠰᠡᠨ ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ | ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠬᠤᠶᠠᠷ᠂ ᠲᠣᠰ ᠡᠳᠦᠷ ᠠᠴᠠ ᠡᠬᠢᠯᠡᠨ ᠲᠢᠶᠠᠨᠵᠢᠨ ᠬᠤᠲᠠ᠂ ᠾᠧᠨᠠᠨ ᠮᠤᠵᠢ ᠵᠡᠷᠭᠡ ᠭᠠᠵᠠᠷ ᠠᠴᠠ ᠪᠤᠰᠤᠳ | ᠳᠣᠣᠷ᠎ᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ | 48 ᠴᠠᠭ ᠤᠨ ᠳᠣᠲᠣᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ᠂ ︽ | 14 ᠡᠳᠦᠷ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ ᠪᠠᠶᠢᠴᠠᠭᠠᠨ ᠬᠡᠮᠵᠢᠯᠲᠡ ᠬᠢᠬᠦ + 2 ᠤᠳᠠᠭ᠎ᠠ ᠶᠢᠨ ᠪᠦᠭᠡᠮ | ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠡᠷᠡᠴᠢ ᠬᠠᠩᠭᠠᠵᠤ | ᠳᠡᠶᠢᠯᠬᠦ ᠥᠬᠡᠶ ᠪᠣᠯ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ | ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠭᠤᠷᠪᠠ᠂ ᠡᠯ᠎ᠡ ᠰᠤᠮᠤ ᠪᠠᠯᠭᠠᠰᠤ᠂ ᠡᠯ᠎ᠡ ᠨᠢᠭᠡᠴᠡ ᠶᠢᠨ ᠬᠢᠨ 2021 ᠣᠨ ᠤ 12 ᠰᠠᠷ᠎ᠠ ᠶᠢᠨ 25 ᠤ | ᠡᠳᠦᠷ ᠠᠴᠠ ᠨᠠᠰᠢ ᠲᠢᠶᠠᠨᠵᠢᠨ ᠬᠤᠲᠠ᠂ ᠾᠧᠨᠠᠨ ᠮᠤᠵᠢ ᠶᠢᠨ ᠰᠢᠦᠢ ᠴᠠᠩ᠂ ᠵᠧᠩᠵᠧᠤ᠂ ᠯᠦᠸᠧᠶᠠᠩ ᠳᠤ | ᠵᠢᠭᠤᠯᠴᠢᠯᠠᠵᠤ ᠰᠠᠭᠤᠭᠰᠠᠨ ᠲᠡᠤᠬᠡ ᠲᠠᠢ ᠬᠥᠮᠦᠰ ᠢ ᠳᠠᠷᠤᠶ ᠲᠦᠷᠭᠡᠨ ᠵᠢᠭᠰᠠᠭᠠᠨ ᠪᠠᠶᠢᠴᠠᠭᠠᠵᠤ ᠬᠠᠮᠢᠶᠠᠷᠤᠨ | ᠡᠵᠡᠮᠳᠡᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠪᠤᠴᠠᠵᠤ | ᠢᠷᠡᠭᠰᠡᠳ ᠲᠡᠷᠡ ᠳᠠᠷᠤᠶ ᠳᠤᠨᠢ ᠪᠠᠶᠢᠭ᠎ᠠ ᠨᠡᠶᠢᠭᠡᠮ ᠲᠣᠭᠤᠷᠢᠭ᠂ ᠨᠢᠭᠡᠴᠡ ᠳᠡᠭᠡᠨ ᠰᠠᠨᠠᠭᠠᠴᠢᠯᠠᠭ᠎ᠠ ᠠᠴᠠ ᠪᠠᠨ | ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ | ᠬᠠᠮᠵᠢᠯᠴᠠᠨ ᠵᠢᠭᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠵᠡᠷᠭᠡ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠨᠢᠭᠤᠨ ᠳᠠᠯᠳᠠᠯᠠᠵᠤ ᠮᠡᠳᠡᠭᠦᠯᠬᠦ ᠥᠬᠡᠶ ᠠᠴᠠ ᠪᠣᠯᠵᠣ ᠬᠢᠵᠢᠭ ᠤᠨ ᠪᠠᠶᠢᠳᠠᠯ ᠢ ᠲᠠᠷᠬᠠᠭᠠᠨ | ᠳᠡᠯᠭᠡᠷᠡᠭᠦᠯᠦᠭᠰᠡᠨ ᠪᠠᠶᠢᠪᠠᠯ ᠲᠤᠬᠠᠶ ᠶᠢᠨ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡ᠂ ᠬᠤᠪᠢ ᠶᠢᠨ ᠡᠮᠴᠢᠯᠡᠭᠡᠨ ᠤ ᠭᠠᠵᠠᠷ᠂ ᠰᠢᠲᠠᠷ᠎ᠠ ᠶᠢᠨ ᠥᠷᠥᠭᠡ᠂ ᠴᠢᠴᠢᠭᠦᠷ ᠪᠥᠮᠪᠦᠭᠡ ᠶᠢᠨ ᠲᠢᠩᠬᠢᠮ᠂ | ᠠᠷᠢᠬᠢᠨ ᠪᠠᠭᠠᠷ᠂ ᠰᠦᠯᠵᠢᠶᠡᠨ ᠪᠠᠭᠠᠷ᠂ KTV᠂ ᠺᠢᠨᠣ᠋ ᠶᠢᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ | ᠲᠠᠯᠠᠪᠤᠷ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠳᠡᠩᠰᠡᠯᠡᠨ ᠲᠡᠮᠳᠡᠭᠯᠡᠬᠦ ᠶᠢ ᠴᠢᠩᠭ᠎ᠠ | ᠨᠠᠶᠢᠳᠠᠪᠤᠷᠢᠵᠢᠭᠤᠯᠤᠭᠰᠠᠨ ᠪᠠᠶᠢᠳᠠᠯ ᠳᠣᠤᠷ᠎ᠠ ᠡᠮᠬᠢ ᠵᠢᠷᠤᠮ ᠲᠠᠢ ᠪᠠᠷ ᠨᠡᠭᠡᠭᠡᠵᠦ᠂ ᠬᠢᠵᠢᠭ ᠢ ᠰᠡᠷᠭᠡᠶᠢᠯᠡᠬᠦ ᠬᠢᠨᠠᠯᠲᠠ | ᠲᠠᠯᠪᠢᠭᠴᠢ ᠪᠠ ᠠᠷᠢᠭᠤᠳᠬᠠᠬᠤ ᠲᠤᠰᠬᠠᠶ ᠠᠵᠢᠯᠲᠠᠳ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠶᠡᠷᠦᠩᠬᠡᠶ ᠭᠥᠯᠢᠶᠡᠨ ᠠᠪᠬᠤ ᠬᠡᠮᠵᠢᠶ᠎ᠡ ᠶᠢᠨ 50% ᠪᠠᠷ ᠬᠢᠵᠠᠭᠠᠷᠯᠠᠨ᠎ᠠ᠃ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠨᠥᠬᠦᠴᠡᠯ ᠳᠤ ᠨᠡᠶᠢᠴᠡᠭᠰᠡᠨ ᠭᠠᠵᠠᠷ ᠤᠨ | ᠡᠵᠡᠩᠨᠡᠯᠲᠡ ᠬᠢᠬᠦ ᠶᠢ ᠵᠥᠪᠰᠢᠶᠡᠷᠡᠨ᠎ᠡ᠃ | ᠲᠠᠪᠤ᠂ ᠥᠷᠭᠡᠨ ᠤᠯᠠᠨ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠭᠠᠷ ᠢᠶᠠᠨ ᠦᠷᠭᠦᠯᠵᠢ ᠤᠬᠢᠶᠠᠬᠤ᠂ | ᠦᠷᠭᠦᠯᠵᠢ ᠰᠠᠯᠬᠢ ᠨᠡᠪᠲᠡᠷᠡᠭᠦᠯᠬᠦ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠬᠤ ᠶᠢ ᠰᠠᠨᠠᠭᠤᠯᠬᠤ | ᠬᠡᠷᠡᠭᠲᠡᠶ᠃ ᠬᠥᠮᠦᠨ ᠣᠯᠠᠨ ᠴᠤᠭᠯᠠᠷᠠᠭᠰᠠᠨ ᠨᠢᠭᠲᠠ ᠪᠢᠲᠡᠭᠦᠮᠵᠢᠯᠡᠭᠰᠡᠨ ᠭᠠᠵᠠᠷ ᠲᠤ ᠣᠷᠣᠬᠤ ᠳᠠᠭᠠᠨ ᠠᠮᠠᠪᠴᠢ | ᠵᠡᠭᠦᠵᠦ᠂ ᠪᠤᠰᠤᠳ ᠬᠥᠮᠦᠨ ᠲᠠᠢ ᠵᠣᠬᠢᠬᠤ ᠵᠠᠶ ᠲᠠᠢ ᠪᠠᠶᠢᠬᠤ ᠬᠡᠷᠡᠭᠲᠡᠶ᠃ | ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠣᠶᠢᠷ᠎ᠠ ᠶᠢᠨ ᠬᠤᠭᠤᠴᠠᠭᠠᠨ ᠳᠤ ᠣᠨᠴᠠᠭᠠᠶ ᠪᠠᠶᠢᠳᠠᠯ ᠥᠬᠡᠶ | ᠪᠣᠯ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠳᠤ ᠣᠴᠢᠬᠤ ᠦᠭᠡᠢ | ᠪᠠᠶᠢᠵᠤ᠂ ᠦᠨᠡᠨᠬᠦ ᠣᠴᠢᠬᠤ ᠴᠢᠬᠤᠯᠠᠲᠠᠶ ᠪᠣᠯ ᠬᠤᠪᠢ ᠬᠥᠮᠦᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠰᠠᠶᠢᠲᠤᠷ ᠬᠢᠬᠦ ᠬᠡᠷᠡᠭᠲᠡᠢ᠃ ᠪᠤᠴᠠᠵᠤ ᠢᠷᠡᠭᠰᠡᠨ ᠤ ᠳᠠᠷᠠᠭ᠎ᠠ ᠬᠠᠮᠤᠭ ᠤᠨ ᠲᠡᠷᠢᠭᠦᠨ ᠳᠤ ᠪᠠᠶᠢᠭ᠎ᠠ ᠨᠢᠭᠡᠴᠡ᠂ ᠨᠡᠶᠢᠭᠡᠮ | ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ | ᠳᠣᠯᠤᠭ᠎ᠠ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠢᠬᠤᠯᠠ ᠠᠷᠭ᠎ᠠ | ᠬᠡᠮᠵᠢᠶ᠎ᠡ ᠮᠥᠨ᠂ ᠪᠠᠰᠠ ᠴᠤ ᠬᠠᠯᠳᠠᠪᠤᠷᠢᠯᠠᠯ ᠢ ᠰᠡᠷᠭᠡᠶᠢᠯᠡᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠬᠠᠯᠳᠠᠪᠤᠷᠢᠯᠠᠯ ᠢ ᠬᠤᠷᠢᠭᠯᠠᠬᠤ ᠬᠠᠮᠤᠭ ᠤᠨ ᠲᠥᠬᠦᠮ᠂ ᠬᠠᠮᠤᠭ ᠤᠨ ᠰᠢᠭᠤᠳ ᠠᠷᠭ᠎ᠠ ᠪᠠᠷᠢᠯ ᠮᠥᠨ᠃ | ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠬᠥᠮᠦᠰ ᠲᠤ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠢ | ᠢᠳᠡᠪᠬᠢᠲᠡᠶ ᠳᠠᠷᠢᠵᠤ᠂ ︽ᠭᠥᠯᠢᠶᠡᠨ ᠠᠪᠬᠤ ᠶᠣᠰᠣᠲᠠᠶ ᠶᠢ ᠨᠢ ᠴᠥᠮ ᠭᠥᠯᠢᠶᠡᠨ ᠠᠪᠴᠤ᠂ ᠭᠥᠯᠢᠶᠡᠨ ᠠᠪᠴᠤ | ᠳᠡᠶᠢᠯᠬᠦ ᠶᠢ ᠨᠢ ᠵᠠᠪᠠᠯ ᠭᠥᠯᠢᠶᠡᠨ ᠠᠪᠴᠤ︾᠂ ᠣᠯᠠᠨ ᠲᠦᠮᠡᠨ ᠤ ᠡᠪᠡᠳᠴᠢᠨ ᠢ ᠡᠰᠡᠷᠭᠦᠴᠡᠬᠦ ︽ᠣᠷᠳᠣ ᠴᠠᠭᠠᠨ | ᠬᠡᠷᠡᠮ︾ ᠢ ᠬᠠᠮᠲᠤ ᠪᠠᠷ ᠪᠠᠲᠤ ᠴᠣᠭᠴᠠᠯᠠᠬᠤ ᠬᠡᠷᠡᠭᠲᠡᠢ᠃ | | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠣᠨ ᠤ 1 ᠰᠠᠷ᠎ᠠ ᠶᠢᠨ 9 ᠤ ᠡᠳᠦᠢ | | |